2019 ᠣᠨ 7 ᠳ᠋ᠤᠭᠠᠷ ᠰᠠᠷ᠎ᠠ ᠶᠢᠨ 18 ᠤ ᠦᠳᠡ ᠬᠤᠶᠢᠨ᠎ᠠ᠂ ᠶᠣᠣ ᠭᠸᠦ ᠰᠢᠶᠠᠩ ᠤᠨ ᠰᠠᠬᠢᠯᠭ᠎ᠠ | ᠪᠠᠲᠤ ᠪᠠᠢᠴᠠᠭᠠᠬᠤ ᠬᠤᠷᠢᠶ᠎ᠠ ᠠᠴᠠ ᠡᠯ᠎ᠡ ᠵᠠᠰᠠᠭ ᠵᠠᠬᠢᠷᠭᠠᠨ ᠤ ᠲᠣᠰᠬᠤᠨ ᠤ ᠨᠠᠮ ᠤᠨ ᠡᠭᠦᠷ ᠤᠨ ᠱᠦᠵᠢ᠂ | ᠲᠣᠰᠬᠤᠨ ᠳᠤ ᠰᠠᠭᠤᠭ᠎ᠠ ᠠᠩᠭᠢ ᠶᠢᠨ ᠭᠡᠰᠢᠭᠦᠨ᠂ ᠰᠢᠶᠠᠩ ᠤᠨ ᠺᠠᠳ᠋ᠷ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠢᠨᠠᠨ ᠪᠠᠢᠴᠠᠭᠠᠬᠤ ᠬᠠᠤᠯᠢ︾ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠣᠷᠣᠯᠴᠠᠵᠤ | ᠂ ᠰᠢᠶᠠᠩ ᠤᠨ ᠰᠠᠬᠢᠯᠭ᠎ᠠ ᠪᠠᠲᠤ ᠪᠠᠢᠴᠠᠭᠠᠬᠤ ᠬᠤᠷᠢᠶᠠᠨ ᠤ ᠱᠦᠵᠢ ᠯᠢᠦ ᠵᠢᠶᠠᠨ ᠸᠧᠨ ᠤᠬᠠᠭᠤᠯᠤᠨ | ᠲᠠᠶᠢᠯᠪᠤᠷᠢᠯᠠᠭᠴᠢ ᠪᠣᠯᠪᠠ᠃ | ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠨ᠎ᠠ᠃ ︽ | ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤᠨ ᠤ ᠵᠤᠤ ᠣᠪᠣᠭᠲᠤ ᠶᠢᠨ ᠶᠠᠳᠠᠭᠤ ᠶᠢ ᠲᠡᠳᠬᠦᠬᠦ ᠪᠣᠭᠤᠮᠲᠠ | ᠰᠢᠪᠲᠤᠯᠬᠤ ᠠᠵᠢᠯ ᠢ ᠬᠤᠳᠠᠯ ᠬᠠᠭᠤᠷᠮᠠᠭ ᠢᠶᠠᠷ ᠦᠶᠯᠡᠳᠴᠦ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ︾ ᠤᠨ | ᠨᠡᠶᠢᠲᠡᠯᠢᠭ ᠬᠡᠷᠡᠭ ᠤᠨ ᠵᠢᠱᠢᠶ᠎ᠡ ᠪᠠᠷ ᠭᠠᠷᠳᠠᠬᠤ ᠴᠡᠭ ᠪᠣᠯᠭᠠᠵᠤ᠂ ᠥᠷᠭᠡᠨ ᠣᠯᠠᠨ ᠦᠨᠳᠦᠰᠦᠨ ᠱᠠᠲᠤᠨ ᠤ ᠺᠠᠳ᠋ᠷ ᠢ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠶᠢᠨ ᠳᠤᠮᠳᠠ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠦᠨᠡᠨᠴᠢ ᠰᠢᠳᠤᠷᠭᠤ ᠠᠷᠢᠭᠤᠨ ᠴᠢᠬᠡᠴᠢ | ᠬᠠᠷᠢᠭᠤᠴᠠᠯᠭ᠎ᠠ ᠡᠭᠦᠷᠭᠡᠯᠡᠳᠡᠭ ᠶᠠᠳᠠᠭᠤ ᠶᠢ ᠲᠡᠳᠬᠦᠬᠦ ᠺᠠᠳ᠋ᠷ ᠪᠣᠯᠬᠤ ᠶᠢ ᠤᠬᠠᠭᠤᠯᠤᠨ ᠰᠡᠩᠬᠡᠷᠡᠭᠦᠯᠪᠡ᠃ | ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠪᠦᠬᠦ ᠺᠠᠳ᠋ᠷᠴᠤᠳ ᠤᠨ | ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃ ᠯᠢᠦ ᠵᠢᠶᠠᠨ ᠸᠧᠨ《 ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ 》 ᠶᠢᠨ ᠶᠡᠷᠦᠩᠬᠡᠶ ᠳᠦᠷᠢᠮ᠂ ᠬᠢᠨᠠᠨ | ᠪᠠᠶᠢᠴᠠᠭᠠᠬᠤ ᠬᠦᠷᠢᠶ᠎ᠡ ᠬᠡᠪᠴᠢᠶ᠎ᠡ ᠪᠠ ᠬᠠᠮᠢᠶᠠᠷᠬᠤ ᠬᠠᠷᠢᠶᠠᠯᠠᠯ᠂ ᠬᠢᠨᠠᠨ ᠪᠠᠶᠢᠴᠠᠭᠠᠬᠤ ᠡᠷᠬᠡ ᠮᠡᠳᠡᠯ ᠤᠨ ᠬᠡᠪᠴᠢᠶ᠎ᠡ ᠶᠢ | ᠦᠨᠳᠦᠰᠦᠨ ᠱᠠᠲᠤᠨ ᠤ ᠺᠠᠳ᠋ᠷ ᠤᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠨᠠᠮᠴᠢ ᠴᠢᠨᠠᠷ ᠨᠠᠮ ᠤᠨ ᠰᠤᠷᠲᠠᠯ | ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯᠴᠢ ᠬᠢᠴᠢᠶᠡᠩᠭᠦᠶ | ᠠᠷᠢᠭᠤᠨ ᠴᠢᠬᠡᠴᠢ ᠪᠠᠷ ᠵᠠᠰᠠᠭ ᠪᠠᠷᠢᠬᠤ ᠦᠵᠡᠯ ᠰᠠᠨᠠᠭᠠᠨ ᠤ ᠰᠠᠭᠤᠷᠢ ᠶᠢ ᠪᠠᠲᠤᠳᠬᠠᠪᠠ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ | ᠪᠡᠷᠬᠡ ᠰᠡᠳᠦᠪ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠨ᠎ᠡ᠃ ᠣᠨᠴᠠᠭᠠᠢᠯᠠᠨ ᠶᠠᠳᠠᠭᠤ ᠶᠢ ᠲᠡᠳᠬᠦᠬᠦ ᠠᠵᠢᠯ ᠶᠠᠭ | ᠪᠣᠭᠤᠮᠲᠠ ᠰᠢᠪᠲᠤᠯᠬᠤ ᠬᠤᠭᠤᠴᠠᠭᠠᠨ ᠳᠤ ᠣᠷᠣᠵᠤ᠂ ᠴᠠᠭ ᠲᠤᠬᠠᠶ ᠳᠤᠨᠢ ᠴᠢᠩᠭᠠᠭᠠᠵᠤ᠂ ᠤᠷᠢᠳᠴᠢᠯᠠᠨ | ᠰᠡᠷᠭᠡᠶᠢᠯᠡᠬᠦ ᠶᠢ ᠴᠢᠩᠭᠠᠳᠬᠠᠵᠤ᠂ ᠵᠠᠷᠢᠮ ᠲᠥᠪ ᠪᠤᠰᠤ ᠰᠤᠷᠲᠠᠯ ᠤᠨ ᠴᠤᠬᠤᠶᠢᠬᠤ ᠪᠠᠶᠢᠳᠠᠯ ᠢ ᠨᠠᠮᠳᠠᠭᠤᠯᠵᠤ᠂ ᠨᠠᠮ | ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠰᠡᠯᠢᠭᠦᠷ ᠢ ᠰᠠᠶᠢᠲᠤᠷ ᠬᠡᠷᠡᠭᠯᠡᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠣᠩᠭᠤᠴᠠ ᠶᠢ ᠪᠦᠬᠦ ᠬᠦᠴᠦᠨ ᠢᠶᠠᠷ ᠠᠬᠢᠭᠤᠯᠤᠨ᠎ᠠ᠃ |