7 ᠳ᠋ᠤᠭᠠᠷ ᠰᠠᠷ᠎ᠠ ᠶᠢᠨ 21 ᠤ ᠡᠳᠦᠷ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠵᠢᠯᠣᠭᠤᠳᠬᠤ ᠬᠡᠯᠲᠡᠰ ᠤᠨ ᠬᠤᠷᠠᠯ ᠢ ᠨᠠᠮ ᠵᠠᠰᠠᠭ ᠤᠨ ᠠᠯᠪᠠᠨ ᠠᠰᠠᠷ ᠤᠨ 401 ᠬᠤᠷᠠᠯ ᠤᠨ ᠭᠡᠷ ᠲᠤ | ᠬᠤᠷᠠᠯᠳᠤᠪᠠ᠃ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠬᠤᠷᠠᠯ ᠢ | ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠰᠢᠶᠠᠨ ᠤ ᠳᠡᠳ᠋ ᠳᠠᠷᠤᠭ᠎ᠠ ᠵᠠᠩ ᠯᠢᠨ ᠯᠢᠨ᠂ ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ᠂ ᠤᠬᠠᠭᠤᠯᠬᠤ | ᠬᠡᠯᠲᠡᠰ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ | ᠰᠢᠨ ᠳ᠋ᠢᠶᠠᠨ ᠽᠢ ᠪᠠᠯᠭᠠᠰᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤᠨ ᠤ | ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ | ᠪᠦᠬᠦ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠦᠶᠡᠷ ᠤᠨ | ᠬᠤᠭᠤᠴᠠᠭᠠᠨ ᠤ ᠲᠤᠰᠬᠠᠶ ᠪᠠᠶᠢᠴᠠᠭᠠᠯᠲᠠ ᠶᠢᠨ ᠰᠢᠮᠳᠠᠭᠤᠯᠣᠨ ᠪᠠᠶᠢᠴᠠᠭᠠᠯᠲᠠ ᠳᠤ ᠭᠠᠷᠤᠭᠰᠠᠨ ᠠᠰᠠᠭᠤᠳᠠᠯ ᠢ | ᠬᠠᠷᠢᠭᠤ ᠮᠡᠳᠡᠭᠦᠯᠪᠡ︔ ︽ᠬᠤᠷᠢᠨᠭᠡᠷ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠪᠠᠴᠢᠮ ᠪᠠᠶᠢᠳᠠᠯ ᠢ ᠠᠷᠭᠠᠴᠠᠬᠤ ᠲᠥᠰᠦᠯ︾ ᠢ ᠬᠢᠨᠠᠨ ᠵᠥᠪᠯᠡᠵᠦ ᠪᠠᠲᠤᠯᠠᠪᠠ︔ ᠬᠤᠷᠠᠯ ᠠᠴᠠ ᠬᠦᠬᠡᠬᠤᠲᠠ ᠶᠢᠨ | ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠬᠡᠯᠲᠡᠰ ᠤᠨ 21 — 22 ᠤᠨ ᠡᠳᠦᠷ | ᠪᠣᠯᠲᠠᠯ᠎ᠠ ᠪᠦᠬᠦ ᠬᠤᠲᠠ ᠳᠤ ᠶᠡᠭᠡ ᠪᠣᠷᠤᠭ᠎ᠠ ᠣᠷᠣᠬᠤ ᠪᠠᠴᠢᠮ ᠮᠡᠳᠡᠭᠳᠡᠯ ᠢ ᠤᠯᠠᠮᠵᠢᠯᠠᠪᠠ᠃ | ᠭᠦᠸᠧ ᠸᠧᠨ ᠵᠢᠶᠦ᠋ᠨ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ᠂ ᠬᠤᠯᠪᠣᠭᠳᠠᠯ ᠪᠦᠬᠦᠢ ᠨᠢᠭᠡᠴᠡ | ᠴᠠᠭ ᠠᠭᠤᠷ ᠤᠨ ᠬᠤᠪᠢᠷᠠᠯᠲᠠ ᠵᠢᠴᠢ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ | ᠬᠥᠳᠡᠯᠦᠩᠭᠦᠶ ᠮᠡᠳᠡᠭᠡ ᠶᠢ ᠨᠢᠭᠲᠠ ᠠᠩᠬᠠᠷᠴᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ | ᠵᠢᠵᠢᠭᠦᠷᠯᠡᠨ ᠰᠠᠬᠢᠬᠤ ᠶᠢ ᠦᠨᠡᠨᠬᠦ ᠰᠠᠶᠢᠲᠤᠷ ᠬᠢᠵᠦ᠂ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ | ᠤᠰᠤᠨ ᠣᠷᠣᠨ᠂ ᠭᠤᠤᠯ ᠮᠥᠷᠡᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠠᠶᠢᠭᠤᠯᠤᠨ ᠪᠦᠷᠢᠨᠰᠢᠭᠦᠯᠵᠦ᠂ ᠠᠷᠭ᠎ᠠ ᠬᠡᠮᠵᠢᠶ᠎ᠡ ᠪᠠᠨ | ᠴᠢᠩᠭᠠᠷᠠᠭᠤᠯᠤᠨ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ | ᠪᠡᠶᠡᠯᠡᠭᠦᠯᠬᠦ ᠬᠡᠷᠡᠭᠲᠡᠶ ᠭᠡᠵᠡᠶ᠃ | ᠵᠠᠩ ᠯᠢᠨ ᠯᠢᠨ ᠵᠢᠭᠠᠵᠤ ᠭᠠᠷᠭᠠᠭᠰᠠᠨ ᠨᠢ᠂ ᠨᠢᠭᠡ ᠳᠤ᠂ ᠡᠯ᠎ᠡ ᠰᠢᠶᠠᠩ ᠪᠠᠯᠭᠠᠰᠤ᠂ ᠬᠤᠯᠪᠣᠭᠳᠠᠯ ᠪᠦᠬᠦᠢ | ᠨᠢᠭᠡᠴᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠤᠷᠢᠨᠭᠡᠷ ᠰᠢᠶᠠᠨ ᠤ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠪᠦᠷᠢᠯᠳᠦᠬᠦᠨ ᠳᠤ ᠲᠣᠬᠢᠷᠠᠭᠤᠯᠤᠯᠲᠠ ᠬᠢᠬᠦ ᠲᠤᠬᠠᠶ | ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ | ᠬᠡᠷᠡᠭᠲᠡᠶ︔ ᠬᠤᠶᠠᠷ ᠲᠤ᠂ ᠰᠢᠮᠳᠠᠭᠤᠯᠣᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠨᠠᠷᠢᠨ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ︔ ᠭᠤᠷᠪᠠ ᠳᠤ᠂ ᠶᠡᠭᠡ ᠪᠣᠷᠣᠭᠠᠨ ᠢ ᠴᠢᠩᠭ᠎ᠠ | ᠰᠡᠷᠭᠡᠶᠢᠯᠡᠬᠦ ᠪᠠ ᠠᠷᠭᠠᠴᠠᠬᠤ ᠠᠵᠢᠯ ᠢ ᠰᠠᠶᠢᠲᠤᠷ ᠬᠢᠬᠦ ᠬᠡᠷᠡᠭᠲᠡᠢ︔ ᠳᠥᠷᠪᠡ ᠳᠤ᠂ ᠪᠠᠴᠢᠮ ᠪᠠᠶᠢᠳᠠᠯ ᠢ ᠠᠷᠭᠠᠴᠠᠬᠤ | ᠡᠩᠨᠡᠭᠡ ᠶᠢᠨ ᠪᠠᠶᠢᠭᠤᠯᠣᠯᠲᠠ ᠶᠢ ᠴᠢᠩᠭᠠᠳᠬᠠᠬᠤ ᠬᠡᠷᠡᠭᠲᠡᠶ︔ ᠲᠠᠪᠤ ᠳᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠳᠤ ᠴᠠᠭ ᠲᠤᠬᠠᠶ ᠳᠤᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠢ︔ ᠵᠢᠷᠭᠤᠭ᠎ᠠ ᠳᠤ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠬᠤ ᠬᠡᠷᠡᠭᠲᠡᠶ | ᠭᠡᠪᠡ᠃ | ᠴᠧᠨ ᠯᠢ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠱᠠᠭᠠᠷᠳᠠᠯᠭ᠎ᠠ | ᠳᠤᠷᠠᠳᠪᠠ᠂ ᠨᠢᠭᠡ ᠳᠤ᠂ ᠦᠵᠡᠯ ᠰᠠᠨᠠᠭ᠎ᠠ ᠪᠠᠨ ᠪᠣᠳᠠᠲᠠᠶᠢᠵᠢᠭᠤᠯᠵᠤ᠂ ᠡᠯ᠎ᠡ ᠰᠢᠶᠠᠩ ᠪᠠᠯᠭᠠᠰᠤ᠂ ᠬᠤᠯᠪᠣᠭᠳᠠᠯ | ᠪᠦᠬᠦᠢ ᠨᠢᠭᠡᠴᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠳᠠᠯ ᠢ ᠨᠠᠷᠢᠨ ᠬᠢᠨᠠᠮᠠᠭᠠᠶ ᠵᠠᠳᠠᠯᠵᠤ᠂ ᠳᠠᠯᠳᠠ ᠬᠡᠮ ᠢ | ᠡᠷᠢᠵᠦ᠂ ᠦᠶᠡᠷ ᠢ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠪᠣᠳᠠᠲᠠᠶ ᠠᠳᠬᠤᠬᠤ ᠬᠡᠷᠡᠭᠲᠡᠶ︔ ᠬᠤᠶᠠᠷ ᠲᠤ᠂ | ᠪᠡᠯᠡᠳᠬᠡᠯ ᠲᠥᠰᠦᠯ ᠢ ᠪᠣᠳᠠᠲᠠᠶᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ᠪᠡᠯᠡᠳᠬᠡᠯ ᠲᠥᠰᠦᠯ ᠢ ᠲᠣᠶᠢᠯ ᠤᠨ ᠣᠨᠣᠪᠴᠢᠲᠠᠶ ᠪᠠᠶᠢᠬᠤ ᠶᠢ ᠰᠠᠶᠢᠲᠤᠷ ᠬᠢᠵᠦ᠂ 24 ᠴᠠᠭ ᠢᠶᠠᠷ | ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠢᠯᠠᠩᠭᠤᠶ᠎ᠠ ᠭᠤᠤᠯᠳᠠᠯᠭ᠎ᠠ ᠲᠠᠢ ᠣᠷᠣᠨ ᠪᠦᠰᠡ ᠶᠢᠨ ᠠᠮᠤᠷ | ᠲᠦᠪᠰᠢᠨ ᠤ ᠠᠵᠢᠯ ᠢ ᠰᠠᠶᠢᠲᠤᠷ ᠠᠳᠬᠤᠬᠤ ᠬᠡᠷᠡᠭᠲᠡᠶ︔ ᠭᠤᠷᠪᠠ ᠳᠤ᠂ ᠠᠵᠢᠯᠲᠠᠨ᠂ ᠡᠩᠨᠡᠭᠡ ᠶᠢ | ᠪᠣᠳᠠᠲᠠᠶᠢᠵᠢᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠯ᠎ᠡ ᠡᠩᠨᠡᠭᠡ ᠨᠢ ᠲᠤᠰ ᠲᠤᠰ ᠤᠨ | ᠡᠭᠦᠷᠭᠡᠯᠡᠵᠦ ᠪᠠᠶᠢᠭ᠎ᠠ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠡᠭᠦᠷᠭᠡ ᠪᠠᠨ ᠦᠨᠳᠦᠰᠦᠯᠡᠨ᠂ ᠦᠳᠲᠡᠷ | ᠲᠦᠷᠭᠡᠨ ᠬᠠᠷᠢᠭᠤ ᠲᠤᠰᠬᠠᠯ ᠭᠠᠷᠭᠠᠵᠤ᠂ ᠪᠠᠴᠢᠮ ᠪᠠᠶᠢᠳᠠᠯ ᠭᠠᠷᠬᠤ ᠳᠤ ᠬᠦᠷᠪᠡᠯ᠂ ᠡᠩ ᠲᠡᠷᠢᠭᠦᠨ ᠳᠤ ᠣᠯᠠᠨ | ᠲᠦᠮᠡᠨ ᠤ ᠠᠮᠢ ᠨᠠᠰᠤ ᠪᠣᠯᠣᠨ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ︔ ᠳᠥᠷᠪᠡ ᠳᠤ᠂ | ᠪᠡᠯᠡᠳᠬᠡᠮᠵᠢ ᠲᠥᠬᠦᠭᠡᠷᠦᠮᠵᠢ ᠶᠢ ᠪᠣᠳᠠᠲᠠᠶᠢᠵᠢᠭᠤᠯᠵᠤ᠂ ᠪᠣᠳᠠᠲᠠᠶ ᠠᠷᠭ᠎ᠠ ᠬᠡᠮᠵᠢᠶ᠎ᠡ ᠲᠣᠭᠲᠠᠭᠠᠵᠤ᠂ ᠡᠳ᠋ ᠪᠣᠳᠠᠰ᠂ | ᠪᠡᠯᠡᠳᠬᠡᠮᠵᠢ᠂ ᠲᠣᠨᠤᠭ ᠲᠥᠬᠦᠭᠡᠷᠦᠮᠵᠢ ᠶᠢ ᠤᠷᠢᠳᠴᠢᠯᠠᠨ ᠰᠠᠶᠢᠲᠤᠷ ᠪᠡᠯᠡᠳᠬᠡᠵᠦ᠂ ᠬᠥᠮᠦᠨ ᠪᠣᠯᠣᠨ ᠡᠳ᠋ ᠪᠣᠳᠠᠰ ᠢ | ᠰᠢᠯᠵᠢᠭᠦᠯᠬᠦ ᠴᠢᠬᠤᠯᠠᠲᠠᠶ ᠶᠢ ᠨᠢ ᠡᠷᠬᠡᠪᠰᠢ ᠰᠢᠯᠵᠢᠭᠦᠯᠬᠦ ᠬᠡᠷᠡᠭᠲᠡᠶ︔ ᠲᠠᠪᠤ ᠳᠤ ᠬᠠᠷᠢᠭᠤᠴᠠᠯᠭ᠎ᠠ ᠶᠢ | ᠪᠣᠳᠠᠲᠠᠶᠢᠵᠢᠭᠤᠯᠬᠤ ᠬᠡᠷᠡᠭᠲᠡᠶ᠂ ᠡᠯ᠎ᠡ ᠰᠢᠶᠠᠩ ᠪᠠᠯᠭᠠᠰᠤ ᠶᠢᠨ ᠰᠠᠯᠠᠭ᠎ᠠ ᠮᠥᠴᠢᠷ ᠤᠳ ᠲᠤᠰᠬᠠᠶ ᠬᠥᠮᠦᠨ ᠢ ᠵᠣᠬᠢᠶᠠᠨ | ᠪᠠᠶᠢᠭᠤᠯᠤᠨ ᠲᠣᠭᠤᠷᠢᠨ ᠪᠠᠶᠢᠴᠠᠭᠠᠬᠤ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠭᠡᠮ ᠢ ᠦᠷᠭᠦᠯᠵᠢᠯᠡᠨ | ᠵᠣᠬᠢᠶᠠᠨ ᠪᠠᠶᠢᠭᠤᠯᠵᠤ᠂ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠶ ᠰᠠᠶᠢᠲᠤᠷ | ᠨᠠᠶᠢᠳᠠᠪᠣᠷᠢᠵᠢᠭᠤᠯᠵᠣ᠂ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ᠂ ᠠᠶᠤᠯ ᠠᠴᠠ ᠠᠪᠤᠷᠠᠬᠤ ᠡᠩᠨᠡᠭᠡᠨ ᠤ | ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ | ᠴᠧᠨ ᠯᠢ ᠶᠢᠨ ᠴᠢᠬᠤᠯᠠᠴᠢᠯᠠᠭᠰᠠᠨ ᠨᠢ᠂ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ | ᠭᠤᠣᠯ ᠤᠨ ᠬᠠᠰᠢᠯᠭ᠎ᠠ ᠶᠢ ᠴᠠᠭ ᠲᠤᠬᠠᠶ ᠳᠤᠨᠢ ᠪᠠᠬᠢᠵᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠶᠢᠨ ᠳᠣᠲᠣᠷᠠᠬᠢ | ᠠᠷᠠᠳ ᠣᠯᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠭᠤᠣᠯ ᠤᠨ ᠵᠠᠮ ᠳᠤ ᠬᠤᠪᠢ ᠪᠠᠷ ᠢᠶᠠᠨ | ᠵᠢᠭᠠᠰᠤᠨ ᠴᠥᠭᠦᠷᠥᠮ᠂ ᠵᠢᠭᠤᠯᠴᠢᠯᠠᠯ ᠤᠨ ᠪᠡᠯᠡᠳᠬᠡᠮᠵᠢ ᠪᠠᠶᠢᠭᠤᠯᠬᠤ ᠵᠡᠷᠭᠡ ᠦᠢᠯᠡ ᠠᠵᠢᠯᠯᠠᠭ᠎ᠠ ᠶᠢ ᠰᠢᠢᠳᠪᠦᠷᠢᠯᠡᠬᠦ | ᠲᠥᠰᠦᠯ ᠲᠣᠭᠲᠠᠭᠠᠵᠤ᠂ ᠲᠥᠪᠯᠡᠷᠡᠭᠦᠯᠦᠨ ᠰᠢᠢᠳᠪᠦᠷᠢᠯᠡᠬᠦ ᠬᠡᠷᠡᠭᠲᠡᠶ᠃ ᠳᠠᠯᠳᠠ ᠭᠡᠮ ᠢ ᠠᠳᠡᠯ ᠢᠶᠠᠷ ᠦᠵᠡᠬᠦ ᠦᠵᠡᠯ | ᠰᠠᠨᠠᠭ᠎ᠠ ᠲᠠᠨᠢᠯᠲᠠ ᠶᠢ ᠪᠤᠢ ᠪᠣᠯᠭᠠᠵᠤ᠂ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠠᠮᠢ | ᠨᠠᠰᠤ ᠪᠣᠯᠤᠨ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠶᠢᠨ ᠬᠠᠮᠲᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠣᠯᠤᠨ ᠪᠤᠰᠤᠳ ᠰᠠᠯᠠᠭ᠎ᠠ ᠮᠥᠴᠢᠷ ᠤᠳ ᠴᠦ ᠪᠤᠰᠤᠳ | ᠬᠦᠷᠢᠶᠡᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠡᠢ᠃ |