ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠬᠦ ᠪᠠ《 ᠬᠤᠶᠠᠷ ᠢ | ᠰᠤᠭᠤᠴᠢᠵᠤ᠂ ᠨᠢᠭᠡ ᠶᠢ ᠢᠯᠡ ᠪᠣᠯᠭᠠᠬᠤ 》ᠬᠢᠨᠠᠯᠲᠠ ᠪᠠᠶᠢᠴᠠᠭᠠᠯᠲᠠ ᠶᠢ ᠪᠦᠬᠦ ᠲᠠᠯ᠎ᠠ ᠪᠠᠷ ᠶᠠᠪᠤᠭᠳᠠᠭᠤᠯᠬᠤ ᠶᠢᠨ | ᠲᠤᠰᠠᠳᠠ᠂ 7 ᠳ᠋ᠤᠭᠠᠷ ᠰᠠᠷ᠎ᠠ ᠶᠢᠨ 23 ᠤ ᠡᠳᠦᠷ᠂ ᠮᠠᠨ ᠤ ᠰᠢᠶᠠᠨ ᠠᠵᠤ ᠠᠬᠤᠶᠢᠯᠠᠯ ᠳᠤ ᠬᠤᠯᠪᠣᠭᠳᠠᠭᠰᠠᠨ | ᠮᠡᠳᠡᠭᠡ ᠵᠠᠩᠭᠢ ᠶᠢ ᠴᠤᠭᠯᠠᠭᠤᠯᠤᠨ ᠨᠡᠶᠢᠲᠡᠯᠡᠬᠦ ᠵᠢᠴᠢ ︽ᠬᠤᠶᠠᠷ ᠢ ᠰᠤᠭᠤᠴᠢᠵᠤ᠂ ᠨᠢᠭᠡ ᠶᠢ ᠢᠯᠠ ᠪᠣᠯᠭᠠᠬᠤ︾ | ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ | ᠰᠢᠶᠠᠨ ᠤ ᠳᠡᠳ᠋ ᠳᠠᠷᠤᠭ᠎ᠠ ᠵᠠᠩ ᠰᠢᠶᠧ ᠵᠢᠶᠦ᠋ᠨ ᠬᠤᠷᠠᠯ ᠳᠤ ᠣᠷᠣᠯᠴᠠᠭᠰᠠᠨ ᠪᠥᠭᠡᠳ ᠵᠢᠭᠠᠵᠤ ᠭᠠᠷᠭᠠᠭᠰᠠᠨ | ᠨᠢ᠂ ᠨᠢᠭᠡ ᠳᠤ 《 ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ 》 ᠬᠢᠨᠠᠯᠲᠠ ᠬᠠᠮᠢᠶᠠᠷᠤᠯᠲᠠ ᠶᠢᠨ | ᠠᠵᠢᠯ ᠪᠣᠯ 《 ᠪᠠᠭᠤᠯᠭᠠᠬᠤ᠂ ᠬᠠᠮᠢᠶᠠᠷᠬᠤ 》 ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠠᠭᠤᠯᠠᠨ᠎ᠠ | ᠮᠥᠨ᠂ ᠪᠠᠰᠠ ᠴᠤ ᠤᠴᠢᠷ ᠶᠠᠪᠤᠳᠠᠯ ᠤᠨ ᠳᠤᠮᠳᠠᠬᠢ᠂ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ | ᠶᠢ ᠲᠡᠭᠦᠯᠳᠡᠷᠵᠢᠭᠦᠯᠬᠦ ᠶᠢᠨ ᠵᠠᠩᠭᠢᠯᠠᠭ᠎ᠠ ᠶᠢᠨ ᠭᠤᠭᠴᠤᠭ᠎ᠠ ᠮᠥᠨ᠃ ᠬᠤᠶᠠᠷ ᠲᠤ᠂ ᠡᠯ᠎ᠡ ᠰᠠᠯᠠᠭ᠎ᠠ ᠮᠥᠴᠢᠷ ᠤᠨ | ᠬᠢᠨ ᠡᠳᠦᠷ ᠲᠣᠲᠤᠮ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠳᠤᠮᠳᠠ᠂ ᠬᠠᠤᠯᠢ ᠶᠢ ᠴᠢᠩᠭ᠎ᠠ ᠵᠢᠷᠤᠮᠯᠠᠨ | ᠬᠡᠷᠡᠭᠵᠢᠭᠦᠯᠵᠦ᠂ ᠰᠤᠭᠤᠴᠢᠨ ᠪᠠᠶᠢᠴᠠᠭᠠᠬᠤ ᠶᠢ ᠶᠡᠬᠡᠪᠡᠷ ᠳᠡᠯᠭᠡᠷᠡᠭᠦᠯᠵᠦ᠂ ᠬᠠᠮᠤᠷᠬᠤ ᠬᠡᠪᠴᠢᠶ᠎ᠡ ᠶᠢ ᠲᠠᠰᠤᠷᠠᠯᠲᠠ | ᠥᠬᠡᠶ ᠥᠷᠭᠡᠳᠬᠡᠵᠦ᠂ ᠰᠤᠭᠤᠴᠢᠨ ᠪᠠᠢᠴᠠᠭᠠᠬᠤ ᠲᠡᠰ ᠳᠠᠷᠠᠭᠠᠯᠠᠯ ᠢ ᠵᠢᠷᠤᠮᠵᠢᠭᠤᠯᠵᠤ᠂ ᠬᠢᠨᠠᠯᠲᠠ ᠬᠠᠮᠢᠶᠠᠷᠤᠯᠲᠠ | ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ ᠵᠠᠰᠠᠭ ᠤᠨ ᠣᠷᠳᠣᠨ ᠤ | ᠰᠢᠮᠳᠠᠭᠤᠯᠤᠨ ᠪᠠᠶᠢᠴᠠᠭᠠᠬᠤ ᠲᠠᠰᠤᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ | ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠪᠠᠷ ︽ᠬᠤᠶᠠᠷ ᠢ ᠰᠤᠭᠤᠴᠢᠵᠤ᠂ ᠨᠢᠭᠡ ᠶᠢ | ᠢᠯᠡ ᠪᠣᠯᠭᠠᠬᠤ︾ ᠳᠤ ᠬᠤᠯᠪᠣᠭᠳᠠᠭᠰᠠᠨ ᠬᠢᠨᠠᠨ ᠬᠠᠮᠢᠶᠠᠷᠬᠤ ᠨᠢᠭᠡᠴᠡ ᠶᠢ ᠬᠢᠨᠠᠨ ᠵᠢᠯᠣᠭᠤᠳᠴᠤ ᠪᠠᠶᠢᠴᠠᠭᠠᠵᠤ᠂ | ᠡᠯ᠎ᠡ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ | ᠬᠤᠷᠠᠯ ᠳᠡᠭᠡᠷ᠎ᠡ᠂ ᠡᠯ᠎ᠡ ᠰᠠᠯᠠᠭ᠎ᠠ ᠮᠥᠴᠢᠷ ᠤᠨ ᠬᠢᠨ 2019 ᠣᠨ ᠤ ︽ᠬᠤᠶᠠᠷ ᠢ ᠰᠤᠭᠤᠴᠢᠵᠤ᠂ ᠨᠢᠭᠡ | ᠶᠢ ᠢᠯᠠ ᠪᠣᠯᠭᠠᠬᠤ︾ ᠶᠢᠨ ᠪᠠᠶᠢᠳᠠᠯ ᠢ ᠳᠡᠰ ᠳᠠᠷᠠᠭᠠᠯᠠᠨ ᠬᠠᠷᠢᠭᠤ ᠮᠡᠳᠡᠭᠦᠯᠪᠡ᠃ ᠵᠠᠬ᠎ᠠ ᠳᠡᠯᠭᠡᠭᠦᠷ ᠤᠨ | ᠬᠠᠮᠢᠶᠠᠷᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠲᠥᠷᠥ ᠶᠢᠨ ᠶᠠᠪᠤᠳᠠᠯ ᠤᠨ ᠬᠤᠷᠢᠶᠠᠨ ᠤ ᠵᠢᠷᠭᠤᠳᠤᠭᠠᠷ | ᠤᠳᠠᠭᠠᠨ ᠤ ᠶᠡᠭᠡ ᠰᠢᠮᠳᠠᠭᠤᠯᠤᠨ ᠪᠠᠶᠢᠴᠠᠭᠠᠯᠲᠠ ᠲᠠᠢ ᠤᠶᠠᠯᠳᠤᠭᠤᠯᠤᠨ᠂ ᠪᠣᠳᠠᠲᠠᠶ ᠠᠵᠢᠯ ᠵᠢᠴᠢ ᠲᠠᠪᠴᠠᠩ ᠢ | ᠬᠡᠷᠡᠭᠯᠡᠵᠦ ᠪᠠᠶᠢᠭ᠎ᠠ ᠪᠠᠶᠢᠳᠠᠯ ᠢ ᠲᠤᠬᠢᠷᠠᠭᠤᠯᠤᠨ ᠪᠠᠶᠢᠷᠢᠯᠠᠭᠤᠯᠵᠠᠶ᠃ | ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ | ᠬᠤᠷᠠᠯ ᠳᠤ ᠣᠷᠣᠯᠴᠠᠪᠠ᠃ |