︵ᠰᠤᠷᠪᠤᠯᠵᠢᠯᠠᠭᠴᠢ ᠨᠠᠪᠴᠢ ᠳᠠᠳᠤᠯᠭ᠎ᠠ ᠶᠢᠨ ᠰᠤᠷᠤᠭᠴᠢ ᠯᠢᠦ ᠰᠢᠦ ᠯᠢᠩ︶ ᠬᠦᠬᠡᠬᠤᠳᠠ ᠶᠢᠨ ᠰᠠᠶᠢᠬᠠᠨ | ᠲᠤᠭᠤᠷᠢᠭ ᠤᠨ ᠪᠠᠭᠰᠢ ᠶᠢᠨ ᠪᠤᠯᠪᠠᠰᠤᠷᠠᠯ ᠤᠨ ᠰᠠᠭᠤᠷᠢᠨ ᠲᠦᠷᠦᠭᠦᠭᠡᠨ ᠬᠦᠭᠡᠬᠤᠲᠠ ᠶᠢᠨ ᠨᠠᠮ ᠤᠨ ᠬᠤᠷᠢᠶ᠎ᠠ ᠶᠢᠨ | ᠨᠠᠮ ᠤᠨ ᠰᠤᠷᠭᠠᠭᠤᠯᠢ ᠶᠢᠨ ᠬᠠᠭᠤᠴᠢᠨ ᠪᠠᠶᠢᠷᠢᠨ ᠳᠤ ᠫᠠᠶᠢᠰᠠ ᠡᠯᠭᠦᠨ ᠪᠠᠶᠢᠭᠤᠯᠤᠭᠳᠠᠪᠠ᠃ | ᠤᠳᠤᠬᠠᠨ ᠲᠤ ᠰᠠᠶᠢᠬᠠᠨ ᠲᠤᠭᠤᠷᠢᠭ ᠲᠤ ᠠᠯᠪᠠᠨ ᠠᠴᠠ ᠡᠷᠬᠢᠯᠡᠭᠰᠡᠨ ᠲᠤᠮᠳᠠᠳᠤ ᠪᠠᠭ᠎ᠠ ᠰᠤᠷᠭᠠᠭᠤᠯᠢ ᠪᠠ | ᠬᠡᠤᠭᠡᠳ ᠤᠨ ᠴᠡᠴᠡᠷᠯᠢᠭ ᠨᠡᠶᠢᠲᠡ 71 ᠪᠠᠶᠢᠵᠤ᠂ ᠠᠷᠠᠳ ᠠᠴᠠ ᠡᠷᠬᠢᠯᠡᠭᠰᠡᠨ ᠰᠤᠷᠭᠠᠭᠤᠯᠢ ᠡᠷᠬᠢᠯᠡᠬᠦ 141 | ᠪᠠᠶᠢᠭᠤᠯᠤᠮᠵᠢ ᠪᠤᠢ︔ ᠤᠷᠤᠨ ᠲᠤᠭ᠎ᠠ ᠲᠠᠢ ᠪᠠᠭᠰᠢ 3504 ᠪᠠᠶᠢᠵᠦ᠂ ᠪᠣᠳᠠᠲᠠᠢ ᠠᠵᠢᠯ ᠤᠨ ᠪᠠᠶᠢᠷᠢ ᠳᠤ ᠪᠠᠶᠢᠭ᠎ᠠ | ᠪᠠᠭᠰᠢ 4235 ᠪᠠᠶᠢᠨ᠎ᠠ᠃ ᠡᠨᠡᠬᠦ ᠰᠠᠭᠤᠷᠢᠨ ᠪᠠᠶᠢᠭᠤᠯᠤᠭᠳᠠᠭᠰᠠᠨ ᠨᠢ ᠤᠷᠤᠨ ᠤ ᠳᠣᠲᠣᠨ᠎ᠠ ᠭᠠᠳᠠᠨᠠᠬᠢ ᠰᠤᠷᠭᠠᠨ | ᠬᠦᠮᠦᠵᠢᠯ ᠤᠨ ᠡᠬᠢ ᠪᠠᠶᠠᠯᠢᠭ ᠤᠨ ᠲᠠᠪᠠᠭᠤᠯᠢᠭ ᠢ ᠬᠦᠢᠴᠡᠳ ᠠᠭᠤᠳᠠᠯᠵᠤ᠂ ᠰᠠᠶᠢᠬᠠᠨ ᠲᠤᠭᠤᠷᠢᠭ ᠤᠨ | ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠬᠡᠪ ᠪᠤᠯᠪᠠᠰᠤᠷᠠᠯ ᠢ ᠳᠡᠭᠡᠭᠰᠢᠯᠡᠭᠦᠯᠬᠦ ᠢᠨᠵᠧᠨ᠋ᠧᠷᠢᠩ ᠢ ᠯᠠᠪᠳᠠᠭᠤᠨ | ᠪᠠᠳᠤᠲᠠᠢ ᠶᠠᠪᠤᠭᠳᠠᠭᠤᠯᠬᠤ᠂ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠶᠡᠷᠦᠩᠬᠡᠶᠢᠯᠡᠭᠰᠡᠨ ᠬᠡᠪ ᠪᠤᠯᠪᠠᠰᠤᠷᠠᠯ᠂ | ᠲᠤᠰᠬᠠᠢ ᠮᠡᠷᠭᠡᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠳᠤ ᠴᠢᠬᠤᠯᠠ ᠦᠢᠯᠡᠳᠤᠯ ᠦᠵᠡᠬᠦᠯᠬᠦ | ᠪᠣᠯᠣᠨ᠎ᠠ᠃ |