ᠬᠦᠬᠡᠬᠤᠳᠠ ᠶᠢᠨ ᠮᠤᠩᠭᠤᠯ ᠬᠡᠯᠡ ᠪᠢᠴᠢᠭ ᠤᠨ ᠠᠵᠢᠯ ᠤᠨ ᠪᠤᠯᠪᠠᠰᠤᠷᠠᠯ ᠠᠮᠵᠢᠯᠳᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2019-07-03
      ᠬᠦᠬᠡᠬᠤᠳᠠ ᠶᠢᠨ ᠪᠦᠬᠦ ᠬᠤᠳᠠ ᠶᠢᠨ ᠮᠤᠩᠭᠤᠯ ᠬᠡᠯᠡ ᠪᠢᠴᠢᠭ ᠤᠨ ᠠᠵᠢᠯ ᠤᠨ ᠪᠤᠯᠪᠠᠰᠤᠷᠠᠯ 2019 ᠤᠨ ᠤ 6 ᠰᠠᠷ᠎ᠠ ᠶᠢᠨ 25 ᠠᠴᠠ 27 ᠤ ᠡᠳᠦᠷ ᠪᠤᠯᠳᠠᠯ᠎ᠠ ᠬᠦᠬᠡᠬᠤᠳᠠ ᠳᠤ ᠬᠢ ᠦᠪᠦᠷ ᠮᠤᠩᠭᠤᠯ ᠤᠨ ᠠᠭᠠᠷ ᠠᠶᠠᠯᠠᠯ ᠤᠨ ᠳᠤᠮᠤ ᠠᠰᠠᠷ ᠲᠤ ᠠᠮᠵᠢᠯᠳᠠ ᠲᠠᠢ ᠶᠠᠪᠤᠭᠳᠠᠯ᠎ᠠ᠃      ᠬᠦᠬᠡᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠪᠤᠯᠤᠨ ᠬᠦᠬᠡᠬᠤᠳᠠ ᠶᠢᠨ ᠮᠤᠩᠭᠤᠯ ᠬᠡᠯᠡ ᠪᠢᠴᠢᠭ ᠤᠨ ᠠᠵᠢᠯ ᠤᠨ ᠵᠦᠪᠯᠡᠯ ᠠᠴᠠ ᠨᠠᠮ ᠪᠠ ᠤᠯᠤᠰ ᠤᠨ ᠦᠨᠳᠦᠰᠦᠳᠡᠨ ᠤ ᠳᠦᠷᠦ ᠶᠢᠨ ᠪᠤᠳᠤᠯᠭ᠎ᠠ᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ‌‍ᠤ ᠮᠤᠩᠭᠤᠯ‌ᠦᠭᠡ ᠬᠡᠯᠡ ᠦᠰᠦᠭ ᠪᠢᠴᠢᠭ ‍ᠤᠨ‌ᠠᠵᠢᠯ ᠤᠨ ᠲᠦᠷᠢᠮ︾ ᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠬᠦᠬᠡᠬᠤᠳᠠ ᠶᠢᠨ ᠮᠤᠩᠭᠤᠯ ᠬᠡᠯᠡ ᠪᠢᠴᠢᠭ ᠤᠨ ᠠᠵᠢᠯᠳᠠᠳ ᠤᠨ ᠬᠡᠪ ᠪᠤᠯᠪᠠᠰᠤᠷᠠᠯ ᠬᠢᠭᠡᠳ ᠤᠨᠤᠯ ᠤᠨ ᠳᠦᠪᠰᠢᠨ ᠢ ᠳᠡᠭᠡᠭᠰᠢᠯᠡᠬᠦᠯᠦᠨ᠂ ᠨᠠᠶᠢᠭᠡᠮ ᠤᠨ ᠬᠦᠭᠵᠢᠯᠳᠡ ᠂ ᠠᠵᠦ ᠠᠬᠤᠢ ᠶᠢᠨ ᠴᠡᠴᠡᠭᠯᠡᠯᠳᠡ᠂ ᠰᠤᠶᠤᠯ ᠤᠨ ᠤᠯᠠᠮᠵᠢᠯᠠᠯ ᠳᠤ ᠨᠡᠩ ᠰᠠᠶᠢᠨ ᠢᠶᠠᠷ ᠦᠢᠯᠡᠴᠢᠯᠡᠬᠦᠯᠬᠦ ᠵᠤᠷᠢᠯᠭ᠎ᠠ  ᠪᠠᠷ ᠳᠤᠰ ᠤᠳᠠᠭᠠᠨ ᠤ ᠪᠤᠯᠪᠠᠰᠤᠷᠠᠯ ᠤᠨ ᠠᠩᠬᠢ ᠶᠢ ᠡᠷᠬᠢᠯᠡᠨ ᠬᠢᠭᠰᠡᠨ ᠪᠠᠶᠢᠨ᠎ᠠ᠃     ᠪᠤᠯᠪᠠᠰᠤᠷᠠᠯ ᠤᠨ ᠠᠩᠬᠢ ᠳᠤ ᠪᠡᠭᠡᠵᠢᠩ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠤᠺᠲ᠋ᠤᠷᠠᠨᠲ ᠤᠨ ᠵᠢᠯᠤᠭᠤᠳᠤᠭᠴᠢ ᠳᠤᠯᠠᠭᠠᠨ᠂ ᠲᠦᠪ ᠤᠨ ᠦᠨᠳᠦᠰᠦᠳᠡᠨ ᠤ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠤᠺᠲ᠋ᠤᠷᠠᠨᠲ  ᠤᠨ ᠵᠢᠯᠤᠭᠤᠳᠤᠭᠴᠢ ᠮᠢᠩᠭᠠᠳ ᠡᠷᠳᠡᠮᠳᠦ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠮᠠᠨᠳᠤᠯ᠎ᠠ᠂ ᠦᠪᠦᠷ ᠮᠤᠩᠭᠤᠯ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠳᠡᠳ᠋ ᠬᠢᠨᠠᠨ ᠤᠷᠴᠢᠭᠤᠯᠤᠭᠴᠢ ᠴᠢᠩ ᠯᠢᠨ᠂ ᠦᠪᠦᠷ ᠮᠤᠩᠭᠤᠯ ᠤᠨ ᠦᠨᠳᠦᠰᠦᠳᠡᠨ  ᠤ ᠬᠡᠷᠡᠭ ᠡᠷᠬᠢᠯᠡᠬᠦ ᠵᠦᠪᠯᠡᠯ ᠤᠨ ︽ᠮᠤᠩᠭᠤᠯ ᠬᠡᠯᠡ ᠪᠢᠴᠢᠭ︾ ᠰᠡᠳᠬᠦᠯ ᠤᠨ ᠳᠡᠳ᠋ ᠶᠡᠷᠦᠩᠭᠡᠢ ᠨᠠᠶᠢᠷᠠᠭᠤᠯᠤᠭᠴᠢ᠂ ᠬᠢᠨᠠᠨ ᠤᠷᠴᠢᠭᠤᠯᠤᠭᠴᠢ ᠠᠯᠳ᠋ᠬᠠᠤᠳᠤ ᠵᠡᠷᠭᠡ ᠡᠷᠳᠡᠮᠳᠡᠨ᠂ ᠤᠷᠴᠢᠭᠤᠯᠤᠭᠴᠢ ᠨᠠᠷ ᠢ ᠤᠷᠢᠵᠦ ᠢᠯᠡᠳᠭᠡᠯ ᠬᠢᠯᠭᠡᠵᠡᠢ᠃ ᠡᠷᠳᠡᠮᠳᠡᠨ ᠪᠠᠭᠰᠢ ᠨᠠᠷ ᠠᠴᠠ ᠨᠠᠮ ᠪᠠ ᠤᠯᠤᠰ ᠤᠨ ᠦᠨᠳᠦᠰᠦᠳᠡᠨ ᠤ ᠦᠭᠡ ᠬᠡᠯᠡ ᠦᠰᠦᠭ ᠪᠢᠴᠢᠭ ᠤᠨ ᠲᠦᠷᠦ  ᠶᠢᠨ ᠪᠤᠳᠤᠯᠭ᠎ᠠ᠂ ᠦᠨᠳᠦᠰᠦᠳᠡᠨ ᠤ ᠰᠤᠷᠭᠠᠨ ᠬᠦᠮᠦᠵᠢᠯ᠂ ᠮᠤᠩᠭᠤᠯ ᠬᠢᠳᠡᠳ ᠤᠷᠴᠢᠭᠤᠯᠭ᠎ᠠ ᠶᠢᠨ ᠤᠨᠤᠯ ᠪᠠ ᠤᠷᠴᠢᠭᠤᠯᠬᠤ ᠤᠷ᠎ᠠ ᠳᠡᠮ᠂ ᠫᠠᠶᠢᠰᠠ ᠢᠯᠡᠷᠭᠡᠶᠢᠯᠡᠯ ᠤᠨ ᠤᠷᠴᠢᠭᠤᠯᠭ᠎ᠠ ᠵᠡᠷᠭᠡ ᠦᠷᠭᠡᠨ ᠬᠡᠪᠴᠢᠶᠡᠨ ᠳᠤ ᠠᠰᠠᠭᠤᠳᠠᠯ ᠢ ᠳᠡᠯᠭᠡᠨ ᠨᠠᠷᠢᠯᠢᠭ ᠳᠠᠶᠢᠯᠪᠤᠷᠢᠯᠠᠨ ᠶᠠᠷᠢᠭᠰᠠᠨ ᠪᠠᠶᠢᠨ᠎ᠠ᠃     ᠳᠤᠰ ᠤᠳᠠᠭᠠᠨ ᠤ ᠪᠤᠯᠪᠠᠰᠤᠷᠠᠯ ᠳᠤ ᠬᠦᠬᠡᠬᠤᠳᠠ ᠶᠢᠨ ᠬᠤᠯᠪᠤᠭᠳᠠᠬᠤ ᠡᠯ᠎ᠡ ᠠᠯᠪᠠᠨ ᠪᠠᠶᠢᠭᠤᠯᠭ᠎ᠠ ᠨᠢᠭᠡᠴᠢ  ᠶᠢᠨ 102 ᠬᠦᠮᠦᠨ  ᠤᠷᠤᠯᠴᠠᠪᠠ᠃
ᠡᠬᠡ ᠪᠢᠴᠢᠭ ᠭᠡᠷᠡᠯ ᠵᠢᠷᠤᠭ ᠢ ᠬᠦᠬᠡᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠮᠠᠨᠳᠤᠬᠤ ᠠᠴᠠ ᠬᠠᠩᠭᠠᠪᠠ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号