ᠪᠤᠶᠠᠨ ᠤ ᠦᠢᠯᠡᠰ ᠲᠤ ᠤᠯᠤᠰ ᠤᠨ ᠬᠢᠯᠢ ᠭᠡᠵᠦ ᠦᠭᠡᠢ
ᠨᠡᠶᠢᠲᠡᠯᠡᠭᠰᠡᠨ ᠴᠠᠭ᠄
2019-07-30
      ᠥᠴᠥᠭᠡᠳᠦᠷ ᠦᠳᠡ ᠶᠢᠨ ᠡᠮᠦᠨ᠎ᠡ᠂ 2019 ᠣᠨ ᠤ ᠰᠧ ᠳ᠋ᠠ ᠺᠧ  ﹇ᠳᠡᠯᠡᠬᠡᠢ ᠡᠭᠦᠨ ᠠᠴᠠ ᠡᠬᠢᠯᠡᠨ ᠢᠨᠢᠶᠡᠳᠦ ᠪᠠᠶᠠᠷ ᠲᠤ ᠤᠮᠪᠠᠨ᠎ᠠ﹈ ᠳᠤᠮᠳᠠᠳᠤ ᠤᠯᠤᠰ ᠤᠨ ᠲᠥᠷᠥᠯ ᠵᠦᠢᠯ ᠥᠪᠥᠷ ᠮᠣᠩᠭᠤᠯ ᠳᠤ ᠬᠡᠷᠡᠭᠵᠢᠭᠦᠯᠦᠭᠳᠡᠯ᠎ᠡ ᠃ ᠡᠭᠦᠨ ᠤ ᠳᠣᠲᠣᠷ᠎ᠠ᠂ 7 ᠳ᠋ᠤᠭᠠᠷ ᠰᠠᠷ᠎ᠠ ᠶᠢᠨ 29 ᠤ ᠡᠳᠦᠷ ᠠᠴᠠ 8ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ ᠬᠥᠬᠡᠬᠤᠲᠠ ᠶᠢᠨ ᠠᠷᠠᠳ ᠤᠨ ᠪᠡᠶ᠎ᠡ ᠶᠢᠨ ᠲᠠᠮᠢᠷ ᠤᠨ ᠲᠠᠯᠠᠪᠤᠷ ᠲᠤ ᠮᠠᠨ ᠤ ᠬᠤᠲᠠ ᠵᠢᠴᠢ ᠣᠶᠢᠷ᠎ᠠ ᠣᠷᠴᠢᠮ ᠤᠨ ᠬᠤᠰᠢᠭᠤ ᠰᠢᠶᠠᠨ ᠤ 3073 ᠴᠢᠬᠢ ᠳᠦᠯᠡᠢ ᠡᠪᠡᠳᠴᠢᠲᠡᠨ ᠳᠤ ᠰᠣᠨᠣᠷᠵᠢᠭᠤᠯᠤᠭᠴᠢ ᠲᠠᠭᠠᠷᠠᠭᠤᠯᠵᠤ ᠥᠭᠭᠦᠨ᠎ᠡ᠂ ᠡᠳᠡᠭᠡᠷ ᠡᠪᠡᠳᠴᠢᠲᠡᠨ ᠨᠢ ᠴᠥᠮ ᠭᠤᠷᠪᠠ ᠤᠳᠠᠭᠠᠨ ᠤ ᠰᠢᠭᠰᠢᠯᠲᠡ ᠶᠢ ᠥᠩᠭᠡᠷᠡᠭᠡᠵᠦ ᠰᠣᠨᠣᠷᠵᠢᠭᠤᠯᠤᠭᠴᠢ ᠲᠠᠭᠠᠷᠠᠭᠤᠯᠬᠤ ᠪᠠᠷᠢᠮᠵᠢᠶ᠎ᠠ ᠳᠤ ᠬᠦᠷᠦᠭᠰᠡᠨ ᠬᠥᠮᠥᠰ ᠪᠣᠯᠣᠨ᠎ᠠ᠃ 8 ᠳ᠋ᠤᠭᠠᠷ ᠰᠠᠷ᠎ᠠ ᠶᠢᠨ 4 ᠤ ᠡᠳᠦᠷ ᠠᠴᠠ 7 ᠶᠢᠨ ᠡᠳᠦᠷ ᠪᠣᠯᠲᠠᠯ᠎ᠠ᠂ ᠬᠥᠯᠥᠨ ᠪᠣᠶᠢᠷ ᠬᠤᠲᠠ ᠳᠤ 3002 ᠴᠢᠬᠢ ᠳᠦᠯᠡᠢ ᠡᠪᠡᠳᠴᠢᠲᠡᠨ ᠳᠤ ᠰᠣᠨᠣᠷᠵᠢᠭᠤᠯᠤᠭᠴᠢ ᠲᠠᠭᠠᠷᠠᠭᠤᠯᠤᠨ ᠥᠭᠴᠦ᠂ ᠬᠤᠶᠠᠷ ᠬᠤᠲᠠ ᠳᠤ ᠨᠡᠶᠢᠲᠡ 8000 ᠭᠠᠷᠤᠢ ᠲᠦᠮᠡᠨ ᠲᠥᠭᠦᠷᠢᠭ ᠤᠨ 11879 ᠰᠣᠨᠣᠷᠵᠢᠭᠤᠯᠤᠭᠴᠢ ᠶᠢ ᠦᠨ᠎ᠡ ᠲᠥᠯᠥᠪᠦᠷᠢ ᠦᠭᠡᠢ ᠪᠠᠷ ᠲᠠᠭᠠᠷᠠᠭᠤᠯᠤᠨ ᠲᠣᠬᠢᠷᠠᠭᠤᠯᠬᠤ ᠪᠣᠯᠣᠨ᠎ᠠ᠃ ᠳᠡᠮᠵᠢᠨ ᠲᠤᠰᠠᠯᠠᠬᠤ ᠡᠲᠡᠭᠡᠳ ᠲᠤ ᠭᠤᠣᠯᠳᠠᠭᠤ 6 ᠪᠦᠬᠦᠯᠢ ᠨᠠᠰᠤᠨ ᠠᠴᠠ ᠳᠡᠭᠡᠭᠰᠢ᠂ 75 ᠪᠦᠬᠦᠯᠢ ᠨᠠᠰᠤᠨ ᠠᠴᠠ ᠳᠣᠷᠣᠭᠰᠢᠬᠢ ᠴᠢᠬᠢ ᠳᠦᠯᠡᠢ ᠡᠪᠡᠳᠴᠢᠲᠡᠨ ᠢ ᠪᠠᠭᠲᠠᠭᠠᠵᠤ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠵᠡᠮᠳᠡᠭ ᠬᠥᠮᠥᠨ ᠪᠠ ᠨᠠᠰᠤᠲᠠᠨ ᠢ ᠤᠷᠢᠳᠠᠪᠠᠷ ᠳᠡᠮᠵᠢᠨ᠎ᠡ᠃
ᠰᠠᠭᠤᠷᠢ ᠮᠥᠩᠭᠦ ᠶᠢᠨ ᠨᠡᠶᠢᠭᠡᠮᠯᠢᠭ ᠶᠢᠨ ᠠᠵᠢᠯᠲᠠᠨ ᠮᠠᠨ ᠤ ᠬᠤᠲᠠ ᠶᠢᠨ ᠴᠢᠬᠢ ᠳᠦᠯᠡᠢ ᠡᠪᠡᠳᠴᠢᠲᠡᠨ ᠠᠴᠠ ᠬᠠᠯᠠᠭᠤᠨ ᠮᠡᠨᠳᠦ ᠡᠷᠢᠵᠦ ᠪᠠᠶᠢᠨ᠎ᠠᠬᠥᠬᠡᠬᠤᠲᠠ ᠶᠢᠨ ᠣᠷᠣᠢ ᠶᠢᠨ ᠰᠣᠨᠢᠨ ᠤ ᠰᠣᠷᠪᠣᠯᠵᠢᠯᠠᠭᠴᠢ ᠰᠢᠦᠢ ᠲᠢᠩ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号