ᠮᠠᠨ ᠤ ᠬᠤᠲᠠ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠥᠷᠥᠰᠥ ᠰᠢᠷᠣᠶ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2019/7/30
     ︵ᠰᠤᠷᠪᠤᠯᠵᠢᠯᠠᠭᠴᠢ ᠵᠠᠩ ᠶᠠᠨ ᠹᠧᠩ︶ ᠪᠦᠬᠦ ᠬᠤᠲᠠ ᠶᠢᠨ ᠬᠡᠪᠴᠢᠶᠡᠨ ᠳᠠᠬᠢ ᠵᠢᠴᠢ ᠭᠤᠤᠯᠳᠠᠯᠭ᠎ᠠ ᠲᠠᠢ ᠣᠷᠣᠨ ᠪᠦᠰᠡ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠡᠷᠦᠩᠬᠡᠶ ᠪᠠᠶᠢᠳᠠᠯ᠂ ᠳᠠᠯᠳᠠ ᠠᠶᠤᠯ ᠲᠦᠭᠰᠢᠭᠦᠷᠢ ᠵᠢᠴᠢ ᠬᠤᠪᠢᠷᠠᠯᠲᠠ ᠶᠢᠨ ᠬᠠᠨᠳᠤᠰᠢ ᠶᠢ ᠴᠠᠭ ᠲᠤᠬᠠᠶ ᠳᠤᠨᠢ ᠡᠵᠡᠮᠰᠢᠬᠦ ᠶᠢᠨ ᠲᠥᠯᠥᠭᠡ᠂ ᠬᠤᠲᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠣᠶᠢᠷ᠎ᠠ ᠶᠢᠨ ᠡᠳᠦᠷ ᠠᠴᠠ ᠡᠬᠢᠯᠡᠨ ᠪᠦᠬᠦ ᠬᠤᠲᠠ ᠶᠢᠨ ᠬᠡᠪᠴᠢᠶᠡᠨ ᠳᠤ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠥᠷᠥᠰᠥ ᠰᠢᠷᠣᠶ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠢ ᠬᠠᠮᠵᠢᠯᠴᠠᠨ ᠬᠢᠨᠠᠨ ᠬᠡᠮᠵᠢᠬᠦ ᠠᠵᠢᠯ ᠢ ᠥᠷᠨᠢᠭᠦᠯᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠬᠢᠨᠠᠨ ᠬᠡᠮᠵᠢᠬᠦ ᠠᠵᠢᠯ ᠤᠨ ᠭᠤᠣᠯᠳᠠᠯᠭ᠎ᠠ ᠨᠢ ᠤᠯᠤᠰ ᠠᠴᠠ ᠡᠵᠡᠮᠳᠡᠵᠦ ᠬᠢᠨᠠᠨ ᠬᠡᠮᠵᠢᠬᠦ ᠴᠡᠭ ᠤᠨ ᠬᠥᠷᠥᠰᠥ ᠰᠢᠷᠣᠶ ᠪᠠ ᠲᠠᠷᠢᠶᠠᠯᠠᠩ ᠤᠨ ᠪᠦᠲᠦᠭᠡᠭᠳᠡᠬᠦᠨ ᠤ ᠦᠯᠢᠭᠡᠷ ᠢ ᠬᠠᠷᠢᠴᠠᠯ ᠶᠣᠰᠣᠭᠠᠷ ᠴᠤᠭᠯᠠᠭᠤᠯᠬᠤ ᠶᠢᠨ ᠬᠠᠮᠲᠤ ᠬᠡᠮᠵᠢᠨ ᠲᠣᠭᠲᠠᠭᠠᠬᠤ ᠪᠣᠯᠣᠨ᠎ᠠ᠃ ᠤᠯᠤᠰ ᠠᠴᠠ ᠡᠵᠡᠮᠳᠡᠬᠦ ᠬᠢᠨᠠᠨ ᠬᠡᠮᠵᠢᠬᠦ ᠴᠡᠭ ᠨᠢ ᠪᠥᠬᠦ ᠬᠤᠲᠠ ᠶᠢᠨ ᠠᠮᠤ ᠪᠤᠳᠠᠭ᠎ᠠ ᠲᠠᠷᠢᠬᠤ 6 ᠬᠤᠰᠢᠭᠤ ᠰᠢᠶᠠᠨ ᠪᠠ ᠭᠤᠤᠯ ᠬᠥᠷᠥᠰᠥᠨ ᠤ ᠲᠥᠷᠥᠯ ᠬᠡᠯᠪᠡᠷᠢ ᠶᠢ ᠬᠠᠮᠤᠷᠴᠤ᠂ ᠭᠤᠤᠯᠳᠠᠭᠤ ᠪᠣᠭᠤᠳᠠᠶ᠂ ᠡᠷᠳᠡᠨᠢ ᠰᠢᠰᠢ ᠂ ᠲᠥᠮᠥᠰᠥ᠂ ᠨᠡᠷᠡᠨ ᠬᠤᠸᠠᠷ ᠵᠢᠴᠢ ᠢᠳᠡᠰᠢᠨ ᠨᠣᠭᠤᠭ᠎ᠠ ᠵᠡᠷᠭᠡ ᠶᠡᠭᠡ ᠬᠡᠮᠵᠢᠶᠡᠨ ᠤ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠳᠤ ᠬᠠᠨᠳᠤᠭᠤᠯᠵᠤ᠂ ᠡᠭᠦᠨ ᠤ ᠳᠤ ᠬᠠᠮᠲᠤ ᠣᠷᠣᠨ ᠨᠤᠲᠤᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠪᠤᠰᠤᠳ ᠭᠠᠷᠤᠯᠲᠠ ᠶᠢᠨ ᠭᠠᠵᠠᠷ ᠢ ᠬᠠᠮᠲᠤ ᠳᠤᠨᠢ ᠬᠠᠷᠠᠭᠠᠯᠵᠠᠪᠠ᠃  
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ