| | | 7 ᠳ᠋ᠤᠭᠠᠷ ᠰᠠᠷ᠎ᠠ ᠶᠢᠨ 26 ᠤ ᠡᠳᠦᠷ᠂ ᠬᠤᠷᠢᠨᠭᠡᠷ ᠰᠢᠶᠠᠨ ᠵᠠᠰᠠᠭ ᠤᠨ ᠶᠠᠪᠣᠳᠠᠯ ᠤᠨ ᠦᠢᠯᠡᠴᠢᠯᠡᠭᠡ ᠶᠢ | ᠨᠢᠭᠡ ᠴᠣᠭᠴᠠᠵᠢᠭᠤᠯᠬᠤ ᠲᠠᠪᠴᠠᠩ ᠤᠨ ᠪᠦᠲᠦᠭᠡᠨ ᠪᠠᠶᠢᠭᠤᠯᠣᠯᠲᠠ ᠪᠣᠯᠣᠨ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾ ᠠᠵᠢᠯ ᠢ ᠠᠬᠢᠭᠤᠯᠬᠤ ᠬᠤᠷᠠᠯ ᠢ ᠰᠢᠶᠠᠨ ᠤ ᠨᠠᠮ ᠵᠠᠰᠠᠭ ᠤᠨ ᠠᠯᠪᠠᠨ ᠠᠰᠠᠷ ᠤᠨ 6 ᠳ᠋ᠤᠭᠠᠷ | ᠳᠠᠪᠬᠤᠷᠭ᠎ᠠ ᠶᠢᠨ ᠬᠤᠷᠠᠯ ᠤᠨ ᠭᠡᠷ ᠲᠤ ᠬᠤᠷᠠᠯᠳᠣᠭᠤᠯᠪᠠ᠃ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠠᠩ ᠯᠢᠨ ᠯᠢᠨ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ᠂ ᠬᠠᠮᠲᠤᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠣᠯᠲᠠ | ᠪᠣᠯᠣᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠠᠵᠢᠯ ᠢ ᠠᠬᠢᠭᠤᠯᠬᠤ ᠪᠣᠯ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠴᠢᠶᠠᠯᠠᠪᠤᠷᠢ ᠪᠣᠯᠣᠨ ᠭᠠᠷᠳᠠᠴᠠ ᠪᠣᠯᠤᠨ᠎ᠠ᠂ ︽ | ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠲᠠᠯ᠎ᠠ ᠪᠠᠷ᠂ ᠡᠯ᠎ᠡ ᠰᠠᠯᠠᠭ᠎ᠠ ᠮᠥᠴᠢᠷ ᠤᠨ ᠬᠢᠨ ᠭᠤᠶᠤᠴᠢᠯᠠᠯ ᠤᠨ | ᠵᠢᠷᠭᠤᠭᠠᠨ ᠲᠥᠷᠥᠯ ᠤᠨ ᠵᠦᠢᠯᠡᠰ ᠤᠨ ᠨᠠᠷᠢᠨ ᠳᠠᠩᠰᠠ ᠲᠠᠢ ᠬᠠᠷᠭᠤᠭᠤᠯᠵᠤ᠂ ᠵᠦᠢᠯ ᠳᠠᠷᠠᠭᠠᠯᠠᠨ ᠵᠠᠳᠠᠯᠤᠯᠲᠠ ᠬᠢᠵᠦ | ᠂ ᠰᠦᠯᠵᠢᠶ᠎ᠡ ᠪᠠᠷ ᠭᠦᠢᠴᠡᠳᠬᠡᠬᠦ ᠨᠣᠷᠮ᠎ᠠ ᠶᠢᠨ 80 % ᠠᠴᠠ ᠳᠡᠭᠡᠭᠰᠢᠬᠢ ᠬᠠᠷᠠᠯᠲᠠ ᠶᠢ ᠲᠦᠷᠭᠡᠨ ᠪᠡᠶᠡᠯᠡᠭᠦᠯᠬᠦ | ᠬᠡᠷᠡᠭᠲᠡᠶ᠃ ᠮᠠᠨ ᠤ ᠰᠢᠶᠠᠨ ᠨᠢᠭᠡᠨᠲᠡ 317 ᠵᠠᠰᠠᠭ ᠵᠠᠬᠢᠷᠭᠠᠨ ᠤ ᠡᠷᠬᠡ ᠶᠢᠨ ᠵᠦᠢᠯ ᠢ ᠲᠠᠨᠢᠨ ᠠᠪᠴᠣ᠂ 289 | ᠵᠦᠢᠯ ᠤᠨ ᠲᠣᠳᠣᠷᠬᠠᠶ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ 256 ᠲᠣᠳᠣᠷᠬᠠᠶ ᠬᠠᠭᠤᠳᠠᠰᠤ ᠶᠢ ᠨᠡᠶᠢᠲᠡᠯᠡᠪᠡ | ᠃ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠪᠬᠤ ᠶᠣᠰᠣᠲᠠᠶ ᠶᠢ ᠨᠢ ᠭᠦᠢᠴᠡᠳ ᠠᠪᠴᠤ᠂ ᠨᠠᠶᠢᠷᠠᠭᠤᠯᠬᠤ | ᠶᠣᠰᠣᠲᠠᠶ ᠶᠢ ᠨᠢ ᠪᠦᠬᠦᠨ ᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠬᠦ ᠶᠢᠨ ᠬᠠᠮᠲᠤ ︽ᠬᠡᠨ ᠬᠠᠩᠭᠠᠪᠠᠯ ᠬᠡᠨ | ᠬᠠᠷᠢᠭᠤᠴᠠᠬᠤ︾ ᠵᠠᠷᠴᠢᠮ ᠶᠣᠰᠣᠭᠠᠷ᠂ ᠠᠭᠤᠯᠭ᠎ᠠ ᠶᠢᠨ ᠵᠥᠪ ᠣᠨᠣᠪᠴᠢᠲᠠᠶ ᠪᠠᠶᠢᠬᠤ ᠶᠢ ᠪᠠᠲᠤᠯᠠᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠪᠣᠯᠣᠨ ᠬᠡᠷᠡᠭᠵᠢᠭᠦᠯᠬᠦ ᠨᠠᠷᠢᠨ ᠬᠠᠭᠤᠳᠠᠰᠤ ᠶᠢᠨ | ᠠᠭᠤᠯᠭ᠎ᠠ ᠶᠢᠨ ᠣᠨᠣᠪᠴᠢᠲᠠᠶ᠂ ᠵᠢᠷᠤᠮᠵᠢᠯ ᠲᠠᠢ᠂ ᠪᠦᠷᠢᠨ ᠪᠦᠲᠦᠨ᠂ ᠬᠡᠷᠡᠭᠯᠡᠵᠦ ᠪᠣᠯᠬᠤ ᠶᠢ ᠦᠨᠡᠨᠬᠦ ᠪᠠᠲᠤᠯᠠᠬᠤ | ᠬᠡᠷᠡᠭᠲᠡᠶ ᠭᠡᠵᠡᠢ᠃ | ᠵᠠᠩ ᠯᠢᠨ ᠯᠢᠨ ᠵᠢᠭᠠᠵᠤ ᠭᠠᠷᠭᠠᠭᠰᠠᠨ ᠨᠢ᠂ ᠨᠢᠭᠡ ᠴᠣᠭᠴᠠᠵᠢᠭᠤᠯᠬᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠤᠨ ᠪᠠᠶᠢᠭᠤᠯᠣᠯᠲᠠ ᠶᠢ ᠠᠬᠢᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾ ᠶᠢ ᠪᠡᠶᠡᠯᠡᠭᠦᠯᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠣᠭᠤᠰᠢᠯᠠᠭᠤᠯᠣᠨ ᠨᠠᠶᠢᠳᠠᠪᠣᠷᠢᠵᠢᠭᠤᠯᠬᠤ᠂ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠠᠶᠢᠵᠢᠷᠠᠭᠤᠯᠬᠤ ᠵᠠᠶᠢᠯᠠᠰᠢ ᠥᠬᠡᠶ ᠱᠠᠭᠠᠷᠳᠠᠯᠭ᠎ᠠ ᠮᠥᠨ᠃ | ᠵᠠᠩ ᠯᠢᠨ ᠯᠢᠨ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠡᠨᠡᠬᠦ ᠠᠵᠢᠯ ᠢ ︽ᠨᠢᠭᠡᠳᠦᠭᠡᠷ ᠭᠠᠷ︾ | ᠤᠨ ᠢᠨᠵᠧᠨᠧᠷᠢᠩ ᠪᠣᠯᠭᠠᠵᠤ᠂ ᠭᠤᠤᠯ ᠬᠠᠷᠢᠭᠤᠴᠠᠵᠣ ᠪᠠᠶᠢᠭ᠎ᠠ ᠨᠦᠬᠦᠷ ᠪᠡᠶ᠎ᠡ ᠪᠠᠷ ᠢᠶᠠᠨ ᠪᠠᠶᠢᠷᠢᠯᠠᠭᠤᠯᠵᠤ᠂ | ᠪᠡᠶ᠎ᠡ ᠪᠠᠷ ᠢᠶᠠᠨ ᠴᠢᠩᠳᠠᠯᠠᠨ ᠠᠳᠬᠤᠵᠣ᠂ ᠪᠡᠶ᠎ᠡ ᠪᠠᠷ ᠢᠶᠠᠨ ᠰᠢᠮᠳᠠᠭᠤᠯᠣᠨ ᠪᠠᠶᠢᠴᠠᠭᠠᠬᠤ ᠬᠡᠷᠡᠭᠲᠡᠶ᠂ ᠡᠭᠦᠨ ᠤ ᠬᠠᠮᠲᠤ | ᠡᠷᠬᠡᠪᠰᠢ ᠨᠢᠭᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠢ ᠲᠣᠳᠣᠷᠬᠠᠶᠢᠯᠠᠨ ᠪᠣᠳᠠᠲᠠᠶ ᠠᠳᠬᠤᠭᠤᠯᠵᠣ᠂ | ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ ᠠᠵᠢᠯᠲᠠᠨ ᠢ ᠪᠣᠳᠠᠲᠠᠶ ᠬᠠᠷᠢᠭᠤᠴᠠᠬᠤ ᠶᠢ ᠨᠠᠶᠢᠳᠠᠪᠣᠷᠢᠵᠢᠭᠤᠯᠵᠣ᠂ | ᠠᠵᠢᠯ ᠤᠨ ᠬᠤᠪᠢᠶᠠᠷᠢᠯᠠᠯ ᠲᠣᠳᠣᠷᠬᠠᠶ᠂ ᠵᠣᠬᠢᠴᠠᠩᠭᠤᠶ ᠡᠮᠬᠢ ᠵᠢᠷᠤᠮ ᠲᠠᠢ ᠠᠵᠢᠯ ᠤᠨ ᠲᠣᠭᠲᠠᠴᠠ ᠶᠢ ᠪᠠᠶᠢᠭᠤᠯᠵᠣ᠂ | ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ | ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠲᠣᠭᠲᠠᠭᠰᠠᠨ ᠴᠠᠭ ᠲᠤ ᠪᠠᠨ ᠴᠢᠨᠠᠷᠯᠢᠭ ᠪᠡᠶᠡᠯᠡᠭᠦᠯᠬᠦ ᠬᠡᠷᠡᠭᠲᠡᠶ ᠭᠡᠪᠡ᠃ | ᠡᠯ᠎ᠡ ᠰᠠᠯᠠᠭ᠎ᠠ ᠮᠥᠴᠢᠷ ᠤᠳ ᠠᠵᠢᠯ ᠤᠨ ᠬᠠᠷᠠᠯᠲᠠ ᠪᠣᠯᠣᠨ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠨᠢᠭᠡ | ᠴᠣᠭᠴᠠᠵᠢᠭᠤᠯᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ | ᠵᠣᠯᠭᠠᠭᠤᠯᠤᠯᠲᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠳᠡᠪᠰᠢᠭᠦᠯᠪᠡᠰᠦ | ᠵᠣᠬᠢᠬᠤ ᠶᠢ ᠨᠢ ᠴᠢᠳᠠᠬᠤ ᠶᠢᠨ ᠬᠢᠷᠢ ᠪᠠᠷ ᠠᠬᠢᠭᠤᠯᠵᠤ᠂ ᠲᠠᠨᠢᠵᠤ ᠠᠪᠬᠤ ᠵᠦᠢᠯᠡᠰ ᠤᠨ ᠲᠤᠭ᠎ᠠ ᠶᠣᠰᠣᠭᠠᠷ | ᠰᠦᠯᠵᠢᠶᠡᠨ ᠳᠡᠭᠡᠷ᠎ᠡ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠵᠦᠢᠯᠡᠰ ᠢ ᠢᠯᠡ ᠪᠣᠯᠭᠠᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠳᠠᠭᠠᠭᠠᠨ ᠠᠪᠬᠤ᠂ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ | ᠠᠵᠢᠯ ᠢ ᠰᠠᠶᠢᠲᠤᠷ ᠬᠢᠵᠦ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠲᠠᠪᠴᠠᠩ ᠤᠨ ᠵᠦᠢᠯᠡᠰ ᠢ | ᠳᠠᠭᠠᠭᠠᠨ ᠠᠪᠬᠤ ᠵᠢᠴᠢ ᠪᠠᠶᠢᠴᠠᠭᠠᠯᠲᠠ ᠶᠢᠨ ᠨᠠᠷᠢᠨ ᠬᠠᠭᠤᠳᠠᠰᠤ ᠶᠢ ᠨᠡᠶᠢᠲᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠰᠢᠶᠠᠨ ᠤ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠯᠪᠠᠨ ᠭᠡᠷ ᠰᠢᠮᠳᠠᠭᠤᠯᠤᠨ ᠪᠠᠶᠢᠴᠠᠭᠠᠬᠤ ᠪᠠᠨ | ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠰᠢᠰᠲ᠋ᠧᠮ ᠤᠨ ᠵᠣᠯᠭᠠᠭᠤᠯᠤᠨ ᠪᠡᠯᠡᠳᠬᠡᠭᠰᠡᠨ ᠪᠠᠶᠢᠳᠠᠯ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠨ ᠳᠢᠭᠯᠡᠬᠦ᠂ ᠴᠤᠪᠤᠷᠠᠯ ᠢ ᠰᠢᠯᠢᠳᠡᠭᠵᠢᠭᠦᠯᠬᠦ ᠪᠠ ︽ᠢᠨᠲ᠋ᠧᠷ | ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠵᠦᠢᠯᠡᠰ ᠢ ᠲᠠᠨᠢᠵᠤ ᠠᠪᠬᠤ᠂ ᠨᠠᠷᠢᠨ ᠳᠠᠩᠰᠠ ᠨᠠᠶᠢᠷᠠᠭᠤᠯᠤᠨ | ᠵᠣᠬᠢᠶᠠᠬᠤ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠲᠤᠰᠬᠠᠶ ᠰᠢᠮᠳᠠᠭᠤᠯᠤᠨ ᠪᠠᠶᠢᠴᠠᠭᠠᠯᠲᠠ ᠬᠢᠵᠦ᠂ ᠲᠣᠭᠲᠠᠭᠰᠠᠨ | ᠬᠤᠭᠤᠴᠠᠭ᠎ᠠ ᠲᠠᠢ ᠪᠠᠷ ᠪᠠᠶᠢᠳᠠᠯ ᠢ ᠮᠡᠳᠡᠭᠳᠡᠵᠦ᠂ ᠪᠠᠶᠢᠩᠭᠤᠵᠢᠭᠰᠠᠨ ᠰᠢᠮᠳᠠᠭᠤᠯᠤᠨ ᠪᠠᠶᠢᠴᠠᠭᠠᠬᠤ ᠲᠣᠭᠲᠠᠴᠠ ᠶᠢ | ᠪᠠᠶᠢᠭᠤᠯᠬᠤ ᠬᠡᠷᠡᠭᠲᠡᠶ ᠭᠡᠪᠡ᠃ | ᠵᠠᠩ ᠯᠢᠨ ᠯᠢᠨ ᠴᠢᠬᠤᠯᠠᠴᠢᠯᠠᠭᠰᠠᠨ ᠨᠢ᠂ ᠨᠢᠭᠡ ᠴᠣᠭᠴᠠᠵᠢᠭᠤᠯᠬᠤ ᠵᠠᠰᠠᠭ ᠤᠨ ᠶᠠᠪᠤᠳᠠᠯ ᠤᠨ ᠲᠠᠪᠴᠠᠩ ᠤᠨ | ᠪᠠᠶᠢᠭᠤᠯᠣᠯᠲᠠ ᠶᠢ ᠦᠨᠡᠨᠬᠦ ᠴᠢᠩᠭᠠᠳᠬᠠᠵᠤ᠂ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ | ᠬᠠᠷᠢᠭᠤᠴᠠᠯᠭᠠᠲᠤ ᠰᠡᠳᠬᠢᠯᠭᠡ ᠪᠣᠯᠣᠨ ᠪᠠᠴᠢᠮ ᠲᠣᠯᠭᠠᠮ᠎ᠠ ᠰᠡᠳᠬᠢᠯᠭᠡ ᠶᠢ ᠪᠡᠶᠡᠯᠡᠭᠦᠯᠬᠦ ᠬᠡᠷᠡᠭᠲᠡᠶ᠃ ᠠᠵᠢᠯ ᠤᠨ | ᠭᠤᠤᠯᠳᠠᠯᠭ᠎ᠠ ᠪᠠᠨ ᠳᠣᠪᠤᠶᠢᠯᠭᠠᠵᠤ᠂ ᠠᠵᠢᠯ ᠤᠨ ᠡᠭᠦᠷᠭᠡ ᠪᠠᠨ ᠲᠣᠳᠣᠷᠬᠠᠶᠢᠯᠠᠨ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠥᠨᠳᠥᠷ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠢ᠃ | ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭᠲᠠᠢ ᠪᠠᠶᠢᠯᠭᠠᠬᠤ ᠡᠭᠦᠳᠡᠨ ᠠᠴᠠ ᠡᠭᠦᠰᠴᠦ᠂ | ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠬᠠᠮᠵᠢᠯᠴᠠᠵᠤ᠂ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ | ᠰᠠᠯᠠᠭ᠎ᠠ ᠮᠥᠴᠢᠷ ᠯᠦᠭᠡ ᠢᠯᠡᠭᠦᠬᠡᠨ ᠨᠡᠪᠲᠡᠷᠡᠯᠴᠡᠵᠦ᠂ ᠮᠠᠲ᠋ᠧᠷᠢᠶᠠᠯ ᠬᠠᠷᠢᠯᠴᠠᠨ ᠨᠡᠪᠲᠡᠷᠡᠯᠴᠡᠬᠦ᠂ ᠮᠡᠳᠡᠭᠡ ᠵᠠᠩᠭᠢ ᠶᠢ | ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠲᠣᠰ ᠤᠳᠠᠭᠠᠨ ᠤ ᠠᠵᠢᠯ ᠤᠨ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠬᠦ | ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠠᠵᠢᠯ ᠤᠨ ᠲᠤᠰᠬᠠᠶ ᠠᠩᠭᠢ ᠶᠢ ᠪᠦᠷᠢᠯᠳᠦᠭᠦᠯᠵᠦ᠂ ᠡᠨᠡ ᠬᠦ | ᠥᠭᠡᠷᠡᠴᠢᠯᠡᠯᠲᠡ ᠶᠢᠨ ᠡᠭᠦᠷᠭᠡ ᠶᠢ ᠲᠤᠰᠬᠠᠶ ᠬᠥᠮᠦᠨ ᠢᠶᠠᠷ ᠬᠠᠮᠢᠶᠠᠷᠤᠭᠤᠯᠵᠤ᠂ ᠲᠤᠰᠬᠠᠶ ᠬᠥᠮᠦᠨ ᠢᠶᠠᠷ ᠬᠢᠨᠠᠭᠤᠯᠵᠤ᠂ | ᠲᠤᠰᠬᠠᠶ ᠬᠥᠮᠦᠨ ᠢᠶᠠᠷ ᠬᠢᠯᠭᠡᠵᠦ᠂ ᠪᠣᠳᠠᠲᠠᠶᠢᠵᠢᠭᠤᠯᠤᠨ ᠨᠠᠶᠢᠳᠠᠪᠣᠷᠢᠵᠢᠭᠤᠯᠬᠤ ᠬᠦᠴᠦᠨ ᠲᠠᠢ ᠪᠣᠯᠭᠠᠬᠤ ᠶᠢ ᠦᠨᠡᠨᠬᠦ | ᠪᠠᠲᠤᠯᠠᠵᠤ᠂ ᠱᠠᠭᠠᠷᠳᠠᠯᠭ᠎ᠠ ᠶᠣᠰᠣᠭᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠠᠢ ᠢᠳᠡᠪᠬᠢᠲᠡᠢ | ᠬᠠᠮᠵᠢᠯᠴᠠᠨ ᠡᠨᠡ ᠬᠦ ᠠᠵᠢᠯ ᠤᠨ ᠡᠭᠦᠷᠭᠡ ᠶᠢ ᠪᠡᠶᠡᠯᠡᠭᠦᠯᠬᠦ ᠬᠡᠷᠡᠭᠲᠡᠶ ᠭᠡᠪᠡ᠃ |