| | | ᠮᠠᠨ ᠤ ᠰᠢᠶᠠᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠵᠢᠴᠢ ᠰᠡᠯᠡᠭᠦᠴᠡᠯ ᠤᠨ ᠠᠵᠤ | ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠵᠤ᠂ | ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠲᠦᠷᠥ ᠶᠢᠨ ᠬᠡᠷᠡᠭ ᠲᠤ | ᠣᠷᠣᠯᠴᠠᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ | ᠨᠡᠩ ᠰᠠᠶᠢᠨ ᠰᠠᠨᠠᠯ ᠳᠤᠷᠠᠳᠤᠯᠭ᠎ᠠ ᠳᠡᠪᠰᠢᠭᠦᠯᠬᠦ ᠶᠢᠨ ᠲᠣᠰᠠᠳᠠ᠂ 7 ᠳ᠋ᠤᠭᠠᠷ ᠰᠠᠷ᠎ᠠ ᠶᠢᠨ 25 ᠤ ᠡᠳᠦᠷ᠂ | ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ | ᠪᠠᠶ ᠷᠦᠢ ᠶᠢᠨ᠂ ᠳᠡᠳ᠋ ᠲᠡᠷᠢᠭᠦᠯᠡᠭᠴᠢ ᠱᠢ ᠭᠤᠸᠠᠨ ᠶᠤᠸᠠᠨ᠂ ᠯᠠᠨ ᠴᠠᠩ ᠭᠧᠨ᠂ ᠵᠠᠩ ᠮᠧᠶ ᠾᠧ ᠬᠡᠰᠡᠭ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠢ ᠳᠠᠭᠠᠭᠤᠯᠤᠨ ᠮᠠᠨ ᠤ ᠰᠢᠶᠠᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ | ᠴᠣᠭᠴᠠ ᠵᠢᠴᠢ ᠰᠡᠯᠡᠭᠦᠴᠡᠯ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ | ᠪᠠᠶᠢᠴᠠᠭᠠᠨ ᠦᠵᠡᠪᠡ᠃ | ᠰᠢᠨᠵᠢᠯᠡᠨ ᠪᠠᠶᠢᠴᠠᠭᠠᠬᠤ ᠳᠣᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠯᠢᠦᠶ ᠶᠧ ᠮᠠᠯ | ᠠᠵᠤ ᠠᠬᠤᠶ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠣᠯᠤᠨ ᠬᠦᠬᠡᠬᠤᠲᠠ ᠶᠢᠨ ᠰᠠᠢ ᠸᠠᠢ ᠲᠤᠤ | ᠶᠤᠸᠠᠨ ᠠᠮᠢ ᠠᠬᠤᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠬᠦᠷᠴᠦ ᠬᠦᠳᠡᠭᠡ ᠲᠣᠰᠬᠤᠨ ᠤ | ᠶᠡᠷᠦᠩᠬᠡᠶᠢᠯᠡᠭᠰᠡᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠦᠵᠡᠭᠰᠡᠨ ᠪᠥᠭᠡᠳ ᠬᠠᠮᠢᠶ᠎ᠠ ᠪᠦᠬᠦᠢ | ᠬᠠᠷᠢᠭᠤᠴᠠᠯᠭᠠᠲᠠᠨ ᠤ ᠠᠵᠤ ᠦᠢᠯᠡᠰ ᠤᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠴᠤ᠂ ᠬᠦᠷᠴᠦ | ᠣᠴᠢᠭᠰᠠᠨ ᠭᠡᠰᠢᠭᠦᠳ ᠮᠠᠨ ᠤ ᠰᠢᠶᠠᠨ ᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠵᠢᠴᠢ ᠰᠡᠯᠡᠭᠦᠴᠡᠯ ᠤᠨ | ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠥᠭᠵᠢᠯᠲᠡ ᠶᠢ ᠳᠡᠭᠡᠳᠦ | ᠬᠡᠮᠵᠢᠶ᠎ᠡ ᠪᠠᠷ ᠦᠨᠡᠯᠡᠪᠡ᠃ | ᠣᠶᠢᠷ᠎ᠠ ᠶᠢᠨ ᠵᠢᠯ ᠤᠳ ᠲᠤ᠂ ᠮᠠᠨ ᠤ ᠰᠢᠶᠠᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ | ᠠᠵᠤ ᠦᠢᠯᠡᠰ ᠤᠨ ᠲᠠᠯ᠎ᠠ ᠪᠠᠷ ᠨᠡᠯᠢᠶᠡᠳ ᠲᠦᠷᠭᠡᠨ ᠬᠥᠭᠵᠢᠭᠰᠡᠨ ᠪᠥᠭᠡᠳ ᠶᠠᠰᠤ ᠴᠢᠨᠠᠷ ᠨᠢ ᠴᠦ ᠨᠡᠯᠢᠶᠡᠳ ᠥᠨᠳᠥᠷ | ᠂ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠠᠵᠤ ᠦᠢᠯᠡᠰ ᠨᠢ ᠣᠷᠣᠨ ᠨᠤᠲᠤᠭ ᠤᠨ ᠣᠨᠴᠠᠯᠢᠭ ᠲᠠᠢ | ᠵᠣᠬᠢᠴᠠᠵᠤ᠂ ᠣᠳᠣ ᠦᠶ᠎ᠡ ᠶᠢᠨ ᠲᠠᠷᠢᠶᠠᠯᠠᠩ ᠪᠣᠯᠤᠨ ᠢᠨᠲ᠋ᠧᠷ ᠰᠦᠯᠵᠢᠶ᠎ᠡ ᠯᠦᠭᠡ ᠭᠦᠨᠵᠡᠭᠡᠶ ᠠᠭᠤᠰᠤᠯᠴᠠᠵᠤ᠂ | ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠬᠠᠮ ᠵᠢᠭᠤᠯᠴᠢᠯᠠᠯ᠂ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠪᠦᠲᠦᠭᠡᠨ ᠪᠠᠶᠢᠭᠤᠯᠣᠯᠲᠠ ᠵᠡᠷᠭᠡ ᠯᠦᠭᠡ ᠵᠠᠪᠰᠠᠷ ᠦᠭᠡᠢ ᠤᠶᠠᠯᠳᠤᠭᠤᠯᠵᠤ᠂ ᠥᠨᠳᠥᠷ ᠲᠦᠪᠰᠢᠨ ᠲᠠᠢ | ᠲᠦᠯᠦᠪᠯᠡᠬᠦ ᠪᠠ ᠦᠨᠳᠦᠷ ᠴᠢᠨᠰᠠᠭᠠᠲᠠᠢ ᠲᠦᠯᠦᠪᠵᠢᠭᠦᠯᠬᠦ ᠶᠢ ᠪᠡᠶᠡᠯᠡᠭᠦᠯᠵᠦ᠂ ᠲᠣᠰ ᠠᠵᠤ ᠦᠢᠯᠡᠰ ᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠢᠯᠠᠰ ᠴᠡᠭ ᠤᠨ ᠢᠨᠵᠧᠨᠧᠷᠢᠩ ᠪᠣᠯᠭᠠᠬᠤ ᠪᠠᠷ ᠴᠢᠷᠮᠠᠶᠢᠵᠣ ᠪᠣᠢ᠃ |