7 ᠳ᠋ᠤᠭᠠᠷ ᠰᠠᠷ᠎ᠠ ᠶᠢᠨ 24 ᠤ ᠡᠳᠦᠷ᠂ ᠮᠠᠨ ᠤ ᠰᠢᠶᠠᠨ ᠨᠠᠮ ᠵᠠᠰᠠᠭ ᠤᠨ ᠠᠯᠪᠠᠨ ᠠᠰᠠᠷ ᠤᠨ ᠵᠢᠷᠭᠤᠳᠤᠭᠠᠷ | ᠳᠠᠪᠬᠤᠷᠭ᠎ᠠ ᠳᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠰᠢᠯᠭᠠᠨ ᠲᠣᠭᠲᠠᠭᠠᠬᠤ ᠠᠵᠢᠯ ᠢ | ᠠᠬᠢᠭᠤᠯᠬᠤ ᠬᠤᠷᠠᠯ ᠢ ᠬᠤᠷᠠᠯᠳᠣᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠯᠢ ᡁᠢ ᠭᠠᠩ᠂ ᠰᠢᠶᠠᠨ ᠤ ᠳᠡᠳ᠋ ᠳᠠᠷᠤᠭ᠎ᠠ ᠴᠢ ᠪᠠᠶ ᠰᠢᠶᠣᠤ ᠵᠢᠴᠢ ᠡᠯ᠎ᠡ | ᠬᠤᠯᠪᠣᠭᠳᠠᠯ ᠪᠦᠬᠦᠢ ᠨᠢᠭᠡᠴᠡ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠪᠠᠶᠢᠴᠠᠭᠠᠯᠲᠠ ᠶᠢ ᠤᠭᠲᠤᠬᠤ | ᠠᠵᠢᠯ ᠳᠤ ᠳᠠᠬᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠢ | ᠳᠠᠶᠢᠴᠢᠯᠠᠨ ᠦᠳᠲᠡᠷ ᠲᠦᠷᠭᠡᠨ ᠬᠥᠳᠡᠯᠦᠯᠴᠡᠵᠦ᠂ ᠭᠤᠤᠯᠳᠠᠯᠭ᠎ᠠ ᠶᠢ ᠳᠣᠪᠤᠶᠢᠯᠭᠠᠨ᠂ ᠠᠷᠭ᠎ᠠ ᠬᠡᠮᠵᠢᠶ᠎ᠡ ᠪᠠᠨ | ᠴᠢᠩᠭᠠᠳᠬᠠᠵᠤ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠨᠠᠶᠢᠳᠠᠪᠤᠷᠢᠵᠢᠭᠤᠯᠤᠯᠲᠠ ᠶᠢ ᠬᠦᠴᠦᠲᠡᠶ | ᠠᠳᠬᠤᠵᠤ᠂ ᠪᠠᠶᠢᠴᠠᠭᠠᠯᠲᠠ ᠶᠢ ᠤᠭᠲᠤᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ | ᠬᠡᠷᠡᠭᠲᠡᠶ ᠭᠡᠵᠡᠶ᠃ | ᠯᠢ ᡁᠢ ᠭᠠᠩ ᠴᠢᠬᠤᠯᠠᠴᠢᠯᠠᠭᠰᠠᠨ ᠨᠢ᠂ ᠡᠯ᠎ᠡ ᠨᠢᠭᠡᠴᠡ᠂ ᠰᠢᠶᠠᠩ ᠪᠠᠯᠭᠠᠰᠤ᠂ ᠨᠡᠶᠢᠭᠡᠮ ᠲᠣᠭᠤᠷᠢᠭ ᠤᠨ ᠬᠢᠨ | ᠱᠠᠭᠠᠷᠳᠠᠯᠭ᠎ᠠ ᠶᠣᠰᠣᠭᠠᠷ ᠵᠦᠢᠯ ᠳᠠᠷᠠᠭᠠᠯᠠᠨ ᠵᠢᠭᠰᠠᠭᠠᠨ ᠪᠠᠶᠢᠴᠠᠭᠠᠵᠤ᠂ ᠬᠠᠷᠢᠶ᠎ᠠ ᠣᠷᠣᠨ᠂ ᠠᠵᠢᠯ ᠲᠥᠷᠥᠯ ᠳᠤ | ᠬᠠᠷᠢᠶᠠᠯᠠᠭᠳᠠᠬᠤ ᠬᠤᠶᠠᠷ ᠵᠠᠷᠴᠢᠮ ᠶᠣᠰᠣᠭᠠᠷ᠂ ᠡᠯ᠎ᠡ ᠲᠦᠷᠥᠯ ᠤᠨ ᠠᠵᠢᠯ ᠢᠶᠠᠨ ᠨᠠᠷᠢᠯᠢᠭ ᠬᠢᠬᠦ ᠬᠡᠷᠡᠭᠲᠡᠶ᠃ | ᠤᠬᠠᠭᠤᠯᠤᠨ ᠳᠠᠶᠢᠴᠢᠯᠠᠬᠤ ᠶᠢ ᠤᠯᠠᠮ ᠴᠢᠨᠠᠭᠰᠢᠳᠠ ᠴᠢᠩᠭᠠᠳᠬᠠᠵᠤ᠂ ᠬᠤᠲᠠ ᠶᠢ ᠴᠣᠭᠴᠠᠯᠠᠬᠤ ᠭᠦᠨ ᠵᠤᠵᠠᠭᠠᠨ | ᠠᠭᠤᠷ ᠠᠮᠢᠰᠬᠤᠯ ᠢ ᠪᠣᠶ ᠪᠣᠯᠭᠠᠵᠤ᠂ ᠣᠷᠴᠢᠨ ᠲᠣᠭᠤᠷᠢᠨ ᠡᠷᠡᠭᠦᠯ ᠬᠠᠮᠠᠭᠠᠯᠠᠯ ᠤᠨ ᠶᠡᠷᠦᠩᠬᠡᠶᠢᠯᠡᠨ ᠴᠡᠭᠴᠡᠯᠡᠨ | ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠪᠣᠯᠪᠠᠰᠤᠨ ᠪᠤᠰᠤ ᠠᠵᠢᠯᠯᠠᠭ᠎ᠠ ᠶᠢ ᠴᠡᠭᠴᠡᠯᠡᠨ ᠵᠠᠰᠠᠵᠤ᠂ ᠬᠠᠮᠢᠶᠠᠷᠤᠯᠲᠠ | ᠦᠢᠯᠡᠴᠢᠯᠡᠭᠡᠨ ᠤ ᠲᠦᠪᠰᠢᠨ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠪᠦᠬᠦ ᠬᠦᠴᠦᠨ ᠢᠶᠠᠷ ᠠᠬᠢᠭᠤᠯᠬᠤ | ᠬᠡᠷᠡᠭᠲᠡᠶ᠃ ᠡᠯ᠎ᠡ ᠭᠤᠤᠯᠳᠠᠯᠭ᠎ᠠ ᠲᠠᠢ ᠰᠠᠯᠠᠭ᠎ᠠ ᠮᠥᠴᠢᠷ ᠤᠳ ᠠᠵᠢᠯ ᠤᠨ ᠠᠬᠢᠴᠠ ᠶᠢᠨ ᠪᠠᠶᠢᠳᠠᠯ ᠢᠶᠠᠨ ᠴᠠᠭ | ᠲᠤᠬᠠᠶ ᠳᠤᠨᠢ ᠬᠠᠷᠢᠭᠤ ᠮᠡᠳᠡᠭᠦᠯᠵᠦ᠂ ᠣᠶᠢᠷ᠎ᠠ ᠶᠢᠨ ᠬᠤᠭᠤᠴᠠᠭᠠᠨ ᠳᠤ ᠣᠯᠵᠤ ᠮᠡᠳᠡᠭᠰᠡᠨ ᠠᠰᠠᠭᠤᠳᠠᠯ ᠳᠤ | ᠴᠢᠭᠯᠡᠭᠦᠯᠦᠨ ᠬᠠᠷᠢᠭᠤ ᠲᠤᠰᠬᠠᠵᠤ᠂ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠥᠪᠡᠷᠲᠡᠭᠡᠨ ᠵᠠᠰᠠᠬᠤ | ᠣᠷᠣᠨ ᠤ ᠪᠣᠯᠪᠠᠰᠤᠨ ᠬᠤᠲᠠ ᠶᠢᠨ ᠪᠠᠶᠢᠴᠠᠭᠠᠯᠲᠠ ᠶᠢ ᠤᠭᠲᠤᠬᠤ ᠡᠯ᠎ᠡ ᠵᠦᠢᠯ ᠤᠨ ᠠᠵᠢᠯ ᠢ ᠪᠣᠲᠠᠲᠠᠶᠢᠵᠢᠭᠤᠯᠣᠨ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ | ᠴᠢ ᠪᠠᠶ ᠰᠢᠶᠣᠤ ᠱᠠᠭᠠᠷᠳᠠᠭᠰᠠᠨ ᠨᠢ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠪᠠᠨ | ᠨᠢᠭᠡᠳᠬᠡᠵᠦ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠪᠠᠶᠢᠴᠠᠭᠠᠯᠲᠠ ᠶᠢ ᠤᠭᠲᠤᠬᠤ | ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ᠂ | ᠲᠦᠭᠰᠢᠭᠦᠷᠢᠲᠦ ᠰᠡᠳᠬᠢᠯᠭᠡ ᠪᠣᠯᠤᠨ ᠪᠠᠴᠢᠮ ᠲᠣᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ | ᠪᠠᠶᠢᠴᠠᠭᠠᠯᠲᠠ ᠶᠢ ᠤᠭᠲᠤᠬᠤ ᠠᠵᠢᠯ ᠢ ᠲᠣᠰ ᠨᠢᠭᠡᠴᠡ ᠶᠢᠨ ᠢᠶᠠᠨ ᠲᠤᠬᠠᠶᠢᠯᠠᠭᠰᠠᠨ ᠠᠵᠢᠯ ᠯᠤᠭ᠎ᠠ ᠨᠢᠭᠲᠠ | ᠤᠶᠠᠯᠳᠤᠭᠤᠯᠵᠤ᠂ ᠠᠰᠠᠭᠤᠳᠠᠯ ᠢ ᠣᠨᠣᠪᠴᠢᠲᠠᠢ ᠡᠷᠢᠯᠬᠢᠯᠡᠨ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠠᠭ ᠢ ᠠᠮᠵᠢᠨ᠂ ᠠᠬᠢᠴᠠ ᠪᠣᠯᠣᠨ ᠬᠦᠴᠦᠨ ᠲᠠᠢ ᠬᠤᠭᠤᠴᠠᠭ᠎ᠠ ᠶᠢ | ᠵᠠᠪᠳᠤᠨ᠂ ᠡᠬᠢᠯᠡᠯᠲᠡ ᠶᠢᠨ ᠴᠡᠭ ᠪᠣᠯ ᠰᠢᠢᠳᠪᠦᠷᠢᠲᠦ ᠪᠠᠶᠢᠯᠳᠤᠭᠠᠨ ᠪᠣᠯᠣᠨ ᠰᠢᠪᠲᠤᠯᠤᠯᠲᠠ ᠮᠥᠨ ᠭᠡᠬᠦ | ᠲᠡᠮᠡᠴᠡᠯ ᠤᠨ ᠵᠣᠷᠢᠭ ᠢᠶᠠᠷ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠪᠠᠶᠢᠴᠠᠭᠠᠯᠲᠠ ᠶᠢ ᠤᠭᠲᠤᠬᠤ | ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠠᠳᠬᠤᠵᠤ᠂ ᠪᠦᠬᠦ ᠬᠤᠲᠠ ᠶᠢᠨ ᠭᠤᠷᠪᠠᠨ ᠬᠤᠲᠠ ᠶᠢ ᠬᠠᠮᠲᠤᠪᠠᠷ | ᠡᠭᠦᠳᠦᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃ |