ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠬᠦᠴᠡᠬᠦ ᠫᠠᠷᠲ᠋ᠢᠽᠠᠨ ᠠᠩᠬᠢ ᠶᠢᠨ ᠰᠠᠭᠤᠷᠢᠨ ᠭᠠᠵᠠᠷ ᠤᠨ ᠬᠦᠮᠦᠵᠢᠯ ᠤᠨ ᠰᠠᠭᠤᠷᠢᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2019/7/4
     ᠣᠶᠢᠷ᠎ᠠ ᠳᠤ᠂ ᠬᠥᠬᠡᠬᠤᠲᠠ ᠶᠢᠨ ᠦᠴᠦᠸᠠᠨ ᠰᠢᠶᠠᠨ ᠤ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠬᠦᠴᠡᠬᠦ ᠫᠠᠷᠲ᠋ᠢᠽᠠᠨ ᠠᠩᠬᠢ ᠶᠢᠨ ᠰᠠᠭᠤᠷᠢᠨ ᠭᠠᠵᠠᠷ ᠤᠨ ᠨᠠᠮ ᠤᠨ ᠬᠡᠰᠢᠬᠦᠨ ᠺᠠᠲᠠᠷ ᠤᠨ ᠨᠠᠮᠴᠢ ᠴᠢᠨᠠᠷ ᠤᠨ ᠬᠥᠮᠥᠵᠢᠯ ᠤᠨ ᠰᠠᠭᠤᠷᠢᠨ ᠵᠢᠩᠬᠢᠨᠢ ᠪᠠᠷ ᠪᠠᠶᠢᠭᠤᠯᠤᠭᠳᠠᠪᠠ᠃     ᠣᠶᠢᠯᠭᠠᠭᠰᠠᠨ ᠢᠶᠠᠷ᠂ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠤᠨ ᠨᠠᠮ ᠤᠨ ᠭᠡᠰᠢᠭᠦᠨ ᠺᠠᠲᠠᠷ ᠤᠨ ᠨᠠᠮᠴᠢ ᠴᠢᠨᠠᠷ ᠤᠨ ᠬᠥᠮᠥᠵᠢᠯ ᠤᠨ ᠰᠠᠭᠤᠷᠢᠨ ᠨᠢ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠪᠤᠯᠬᠤ ᠦᠴᠦᠧᠠᠨ ᠰᠢᠶᠠᠨ ᠤ ᠳ᠋ᠧ ᠱᠧᠡᠭ ᠭᠧᠤ ᠰᠢᠶᠠᠩ ᠳᠤ ᠪᠠᠶᠢᠷᠢᠯᠠᠵᠤ᠂ 11512 ᠲᠡᠭᠰᠢ ᠲᠦᠷᠪᠡᠯᠵᠢᠨ ᠮᠧᠲᠷ ᠭᠠᠵᠠᠷ ᠡᠵᠡᠯᠡᠵᠤ᠂ ᠪᠠᠷᠢᠯᠭ᠎ᠠ ᠶᠢᠨ ᠲᠠᠯᠠᠪᠠᠢ ᠨᠢ 3919 ᠲᠡᠭᠰᠢ ᠳᠥᠷᠪᠡᠯᠵᠢᠨ ᠮᠧᠲᠷ ᠪᠠᠶᠢᠵᠤ᠂ ᠵᠢᠭᠠᠨ ᠰᠤᠷᠭᠠᠯᠲᠠ ᠶᠢᠨ ᠲᠤᠭᠤᠷᠢᠭ ᠲᠤ 2 ᠬᠢᠴᠢᠶᠡᠯ ᠤᠨ ᠲᠠᠰᠤᠭ᠂ 8 ᠶᠠᠷᠢᠯᠴᠠᠬᠤ ᠲᠠᠰᠤᠭ ᠲᠠᠢ 400 ᠬᠥᠮᠥᠨ ᠢ ᠪᠠᠭᠳᠠᠭᠠᠵᠤ ᠲᠡᠶᠢᠯᠬᠦ ᠪᠣᠯᠪᠠᠰᠤᠷᠠᠯ ᠤᠨ ᠰᠠᠭᠤᠷᠢᠨ ᠪᠣᠯᠣᠨ᠎ᠠ᠃      ᠲᠤᠰ ᠰᠠᠭᠤᠷᠢᠨ ᠨᠢ ︽1+6+N︾ ᠶᠢᠨ ᠰᠤᠷᠤᠯᠴᠠᠯᠭ᠎ᠠ ᠶᠢᠨ ᠬᠡᠯᠪᠡᠷᠢ ᠶᠢ ᠠᠰᠢᠬᠯᠠᠨ᠂ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠬᠦᠴᠡᠬᠦ ᠫᠠᠷᠲ᠋ᠢᠽᠠᠨ ᠰᠠᠭᠤᠷᠢᠨ ᠭᠠᠵᠠᠷ ᠤᠨ ᠲᠡᠯᠭᠡᠨ ᠦᠵᠡᠬᠦᠯᠭᠡ ᠶᠢᠨ ᠤᠷᠳᠤᠨ᠂ ᠬᠤᠪᠢᠰᠠᠬᠯᠳᠤ ᠦᠷᠡᠭᠳᠡᠭᠰᠡᠨ ᠪᠠᠭᠠᠳᠤᠷᠴᠤᠳ ᠤᠨ ᠤᠡᠭᠭᠤᠨ ᠤ ᠬᠦᠷᠢᠶᠠᠯᠠᠩ᠂ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠬᠦᠴᠡᠬᠦ ᠫᠠᠷᠲ᠋ᠢᠽᠠᠨ ᠰᠠᠭᠤᠷᠢᠨ ᠭᠠᠵᠠᠷ ᠤᠨ ᠬᠠᠭᠤᠴᠢᠨ ᠪᠠᠭᠤᠷᠢ ᠵᠡᠷᠭᠡ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠶᠢᠨ ᠴᠡᠭ ᠲᠤ ᠵᠢᠭᠠᠨ ᠰᠤᠷᠭᠠᠯᠲᠠ ᠶᠢᠨ ᠠᠵᠢᠯᠯᠠᠭ᠎ᠠ ᠦᠷᠨᠢᠬᠦᠯᠤᠨ᠂ ᠣᠶᠢᠷ᠎ᠠ ᠬᠠᠪᠢ ᠶᠢᠨ ᠲᠤᠰᠬᠤᠨ᠂ ᠨᠡᠶᠢᠭᠡᠮ ᠲᠤᠭᠤᠷᠢᠭ᠂ ᠪᠠᠶᠢᠭᠤᠯᠭ᠎ᠠ ᠠᠵᠤ ᠠᠬᠤᠢᠢᠯᠠᠯ ᠵᠡᠷᠭᠡ ᠨᠠᠮ ᠤᠨ ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ ᠴᠡᠭ ᠢ ᠪᠦᠷᠬᠦᠵᠤ᠂ ᠨᠠᠮ ᠤᠨ ᠬᠡᠰᠢᠬᠦᠨ ᠺᠠᠳ᠋ᠷ ᠤᠨ ︽ᠤᠭ ᠰᠠᠨᠠᠭᠠ ᠪᠠᠨ ᠦᠯᠤ ᠮᠡᠷᠳᠠᠵᠤ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠤᠪᠳᠤ ᠬᠥᠮᠥᠵᠢᠯ ᠤᠨ ᠴᠢᠬᠤᠯᠠ ᠰᠠᠭᠤᠷᠢᠨ ᠪᠤᠯᠬᠤ ᠪᠠᠷ ᠪᠠᠷᠠᠬᠤ ᠦᠭᠡᠢ ᠨᠠᠮ ᠤᠨ ᠬᠡᠰᠢᠬᠦᠨ ᠺᠠᠲᠠᠷ ᠤᠨ ᠶᠤᠰᠤ ᠰᠤᠷᠳᠠᠬᠤᠨ ᠤ ᠬᠦᠮᠦᠵᠢᠯ ᠬᠦᠷᠳᠡᠵᠤ᠂ ᠦᠵᠡᠯ ᠤᠬᠠᠮᠰᠠᠷ ᠢᠶᠠᠨ ᠲᠡᠭᠡᠭᠰᠢᠯᠡᠬᠦᠯᠬᠦ ᠴᠢᠬᠤᠯᠠ ᠬᠢᠴᠢᠶᠡᠯ ᠤᠨ ᠲᠠᠩᠬᠢᠮ ᠪᠣᠯᠣᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ