︵ᠰᠤᠷᠪᠤᠯᠵᠢᠯᠠᠭᠴᠢ ᠮᠢᠶᠣᠣ ᠴᠢᠩ︶ ᠲᠦᠷᠦᠭᠦᠬᠡᠨ ᠬᠤᠷᠠᠯᠳᠤᠭᠰᠠᠨ 2019 ᠣᠨ ᠳᠤᠮᠳᠠᠳᠤ ᠤᠯᠤᠰ ︵ᠴᠠᠩᠴᠦ᠋ᠨ︶ ᠤᠨ ᠵᠤᠰᠠᠯᠠᠩ ᠤᠨ | ᠵᠢᠭᠤᠯᠴᠢᠯᠠᠯ ᠤᠨ ᠠᠵᠤ ᠦᠢᠯᠡᠰ ᠤᠨ ᠲᠦᠷᠦᠭᠦᠴᠦᠳ ᠤᠨ ᠬᠤᠷᠠᠯ ᠳᠡᠭᠡᠷ᠎ᠡ ᠥᠪᠥᠷ ᠮᠣᠩᠭᠤᠯ ᠤᠨ ᠷᠠᠰᠢᠶᠠᠨ ᠬᠤᠲᠠ 2019 ᠣᠨ ︽ᠵᠤᠰᠠᠯᠠᠩ ᠤᠨ | ᠵᠢᠭᠤᠯᠴᠢᠯᠠᠯ ᠤᠨ ᠠᠷᠪᠠᠨ ᠰᠠᠶᠢᠨ ᠬᠤᠲᠠ︾ ᠳᠤ ᠣᠷᠣᠵᠤ᠂ ᠤᠯᠠᠭᠠᠨᠴᠠᠪ ᠬᠤᠲᠠ ᠶᠢ ︽ᠵᠤᠰᠠᠯᠠᠩ ᠤᠨ ᠵᠢᠭᠤᠯᠴᠢᠯᠠᠯ ᠤᠨ ᠠᠷᠪᠠᠨ ᠬᠦᠴᠦᠷᠬᠡᠭ ᠬᠤᠲᠠ︾᠂ | ᠬᠥᠬᠡᠬᠤᠲᠠ᠂ ᠬᠥᠯᠥᠨ ᠪᠤᠶᠢᠷ ᠬᠤᠲᠠ᠂ ᠣᠷᠳᠣᠰ ᠬᠤᠲᠠ᠂ ᠶᠠᠭᠰᠢ ᠬᠤᠲᠠ ᠶᠢ ︽ᠵᠤᠰᠠᠯᠠᠩ ᠤᠨ ᠵᠢᠭᠤᠯᠴᠢᠯᠠᠯ ᠤᠨ ᠵᠠᠭᠪᠤᠷ ᠬᠤᠲᠠ︾ ᠪᠠᠷ ᠬᠢᠨᠠᠨ | ᠲᠣᠭᠲᠠᠭᠠᠪᠠ᠃ | ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶᠠᠨ ᠤ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠲᠥᠪ ᠪᠠ ᠳᠤᠮᠳᠠᠳᠤ ᠤᠯᠤᠰ ᠤᠨ | ᠵᠢᠭᠤᠯᠴᠢᠯᠠᠯ ᠤᠨ ᠰᠤᠳᠤᠯᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠶᠡᠷᠦᠩᠬᠡᠶᠢᠯᠡᠭᠰᠡᠨ ᠦᠨᠡᠯᠡᠨ ᠲᠣᠭᠲᠠᠭᠠᠯᠲᠠ ᠪᠠᠷ ᠳᠠᠮᠵᠢᠭᠠᠳ᠂ | ᠡᠨᠡ ᠵᠢᠯ ᠴᠠᠩᠴᠦ᠋ᠨ ᠬᠤᠲᠠ᠂ ᠭᠦᠢᠶᠠᠩ ᠬᠤᠲᠠ᠂ ᠯᠢᠦ ᠫᠠᠨ ᠱᠦᠶ ᠬᠤᠲᠠ᠂ ᠯᠢᠵᠢᠶᠠᠩ ᠬᠤᠲᠠ᠂ ᠰᠢᠨᠢᠩ ᠬᠤᠲᠠ᠂ ᠷᠠᠰᠢᠶᠠᠨ ᠬᠤᠲᠠ᠂ ᠹᠦᠰᠦ᠋ᠩ | ᠰᠢᠶᠠᠨ᠂ ᠳ᠋ᠦᠨᠬᠤᠸᠠ ᠬᠤᠲᠠ᠂ ᠰᠢ ᠰᠢᠤ ᠲᠣᠭᠤᠷᠢᠭ᠂ ᠫᠦ ᠠᠨ ᠰᠢᠶᠠᠨ ︽ᠵᠤᠰᠠᠯᠠᠩ ᠤᠨ ᠵᠢᠭᠤᠯᠴᠢᠯᠠᠯ ᠤᠨ ᠠᠷᠪᠠᠨ ᠰᠠᠶᠢᠨ ᠬᠤᠲᠠ︾ ᠳᠤ ᠣᠷᠣᠪᠠ᠃ | ᠡᠭᠦᠨ ᠤ ᠬᠠᠮᠲᠤ᠂ ᠴᠢᠭᠤᠯᠤᠯᠲᠤ ᠬᠠᠭᠠᠯᠭ᠎ᠠ ᠬᠤᠲᠠ᠂ ᠤᠯᠠᠭᠠᠨᠴᠠᠪ ᠬᠤᠲᠠ᠂ ᠳ᠋ᠠᠯᠢᠶᠠᠨ ᠬᠤᠲᠠ᠂ ᠫᠢᠩ ᠯᠢᠶᠠᠩ ᠬᠤᠲᠠ᠂ ᠳ᠋ᠢᠩ ᠰᠢ ᠬᠤᠲᠠ᠂ ᠯᠦ ᠳ᠋ᠢᠩ | ᠰᠢᠶᠠᠨ᠂ ᠰᠢᠩ ᠢ ᠬᠤᠲᠠ᠂ ᠴᠢᠩ ᠯᠦᠩ ᠰᠢᠶᠠᠨ᠂ ᠠᠨ ᠯᠦᠩ ᠰᠢᠶᠠᠨ᠂ ᠲᠧᠭᠰ ᠰᠢᠶᠠᠨ ︽ᠵᠤᠰᠠᠯᠠᠩ ᠤᠨ ᠵᠢᠭᠤᠯᠴᠢᠯᠠᠯ ᠤᠨ ᠠᠷᠪᠠᠨ ᠬᠦᠴᠦᠷᠬᠡᠭ | ᠬᠤᠲᠠ︾ ᠪᠣᠯᠪᠠ︔ ᠴᠠᠩ ᡁᠢ ᠬᠤᠲᠠ᠂ ᠬᠥᠬᠡᠬᠤᠲᠠ᠂ ᠬᠥᠯᠥᠨ ᠪᠤᠶᠢᠷ ᠬᠤᠲᠠ᠂ ᠣᠷᠳᠣᠰ ᠬᠤᠲᠠ᠂ ᠭᠢᠷᠢᠨ ᠬᠤᠲᠠ᠂ ᠶᠠᠨᠲᠠᠶ ᠬᠤᠲᠠ᠂ ᠸᠧᠶ ᠬᠠᠢ | ᠬᠤᠲᠠ᠂ ᠱᠤᠨ ᠨᠦᠩ ᠵᠢᠶᠠ ᠰᠢᠭᠤᠶᠢᠲᠤ ᠣᠷᠣᠨ᠂ ᠯᠢᠨ ᡁᠢ ᠬᠤᠲᠠ᠂ ᠰᠠᠶᠢᠬᠠᠨ ᠵᠠᠪᠠᠢ ᠪᠣᠭᠤᠮᠲᠠ ᠬᠤᠲᠠ᠂ ᠶᠠᠭᠰᠢ ᠬᠤᠲᠠ᠂ ᠵᠢᠩ ᠢᠦᠶ ᠰᠢᠶᠠᠨ᠂ ᠶᠠᠨ | ᠵᠢᠶ ᠬᠤᠲᠠ᠂ ᠶᠦᠨ ᠴᠦᠨ ᠬᠤᠲᠠ᠂ ᠠᠨ ᠲᠤ ᠰᠢᠶᠠᠨ᠂ ᠮᠧᠶ ᠬᠥ᠋ ᠰᠢᠶᠠᠨ᠂ ᠰᠢᠩ ᠷᠧᠨ ᠬᠤᠲᠠ᠂ ᠲᠠᠢ ᠪᠠᠶ ᠰᠢᠶᠠᠨ᠂ ᠸᠠ ᠢ ᠰᠢᠶᠠᠨ᠂ ᠸᠧᠶ ᠶᠤᠸᠠᠨ | ᠰᠢᠶᠠᠨ ᠵᠡᠷᠭᠡ 20 ᠬᠤᠲᠠ ᠨᠢ ︽ᠵᠤᠰᠠᠯᠠᠩ ᠤᠨ ᠵᠢᠭᠤᠯᠴᠢᠯᠠᠯ ᠤᠨ ᠵᠠᠭᠪᠤᠷ ᠬᠤᠲᠠ︾ ᠪᠣᠯᠪᠠ᠃ | ᠲᠣᠰ ᠤᠳᠠᠭ᠎ᠠ ᠶᠢᠨ ᠲᠦᠷᠦᠭᠦᠴᠦᠳ ᠤᠨ ᠬᠤᠷᠠᠯ ᠠᠴᠠ ᠪᠠᠰᠠ ᠵᠤᠰᠠᠯᠠᠩ ᠤᠨ ᠵᠢᠭᠤᠯᠴᠢᠯᠠᠯ ᠤᠨ ᠪᠠᠷᠢᠮᠵᠢᠶ᠎ᠠ ᠳᠤ ᠬᠦᠷᠦᠭᠰᠡᠨ ᠬᠤᠲᠠ ᠶᠢᠨ ᠨᠡᠷᠡᠰ ᠢ | ᠨᠡᠶᠢᠲᠡᠯᠡᠵᠦ᠂ ᠮᠠᠨ ᠤ ᠣᠷᠣᠨ ᠤ ᠬᠥᠬᠡᠬᠤᠲᠠ᠂ ᠣᠷᠳᠣᠰ ᠬᠤᠲᠠ᠂ ᠬᠥᠯᠥᠨ ᠪᠤᠶᠢᠷ ᠬᠤᠲᠠ᠂ ᠤᠯᠠᠭᠠᠨᠴᠠᠪ ᠬᠤᠲᠠ᠂ ᠪᠠᠶᠠᠨ ᠣᠪᠣᠭ᠎ᠠ ᠠᠭᠤᠷᠬᠠᠢ ᠶᠢᠨ | ᠣᠷᠣᠨ᠂ ᠶᠠᠭᠰᠢ ᠬᠤᠲᠠ᠂ ᠰᠢᠯᠢᠩᠬᠤᠲᠠ᠂ ᠷᠠᠰᠢᠶᠠᠨ ᠬᠤᠲᠠ 6 ᠳ᠋ᠤᠭᠠᠷ ᠰᠠᠷ᠎ᠠ᠂ 7 ᠳ᠋ᠤᠭᠠᠷ ᠰᠠᠷ᠎ᠠ᠂ 8 ᠳ᠋ᠤᠭᠠᠷ ᠰᠠᠷ᠎ᠠ ᠳᠤ ᠵᠤᠰᠠᠵᠤ ᠪᠣᠯᠬᠤ | ᠵᠤᠰᠠᠯᠠᠩ ᠤᠨ ᠬᠤᠲᠠ ᠶᠢᠨ ᠪᠠᠷᠢᠮᠵᠢᠶ᠎ᠠ ᠳᠤ ᠬᠥᠷᠪᠡ᠃ |