ᠤᠢᠢᠷ᠎ᠠ ᠳᠤ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ | ᠰᠤᠷᠭᠠᠭᠤᠯᠢ ᠵᠢᠨᠬᠦ᠋ᠬᠡᠬᠤᠲᠠ ᠳᠠᠬᠢ ᠬᠤᠪᠢᠶᠠᠷᠢ ᠰᠤᠷᠭᠠᠭᠤᠯᠢ ᠶᠢᠨ ᠫᠠᠶᠢᠰᠠ ᠡᠯᠬᠦᠬᠦ ᠶᠣᠰᠤᠯᠠᠯ ᠶᠠᠪᠤᠭᠳᠠᠪᠠ᠃ | | ᠣᠶᠢᠯᠠᠭᠠᠭᠰᠠᠨ ᠢᠶᠠᠷ᠂ ᠦᠨᠳᠦᠰᠦᠲᠡᠨ ᠤ ᠣᠷᠣᠨ ᠤ ᠰᠤᠷᠭᠠᠨ ᠬᠥᠮᠦᠵᠢᠯ ᠤᠨ ᠬᠥᠭᠵᠢᠯᠲᠡ ᠶᠢ | ᠠᠬᠢᠭᠤᠯᠵᠤ᠂ ᠪᠡᠭᠡᠵᠢᠩ ᠪᠠ ᠥᠪᠥᠷ ᠮᠣᠩᠭᠤᠯ ᠤᠨ ᠠᠵᠢᠯ ᠲᠦᠷᠦᠯ ᠢᠶᠠᠷ ᠵᠤᠯᠭᠠᠯᠴᠠᠭᠤᠯᠤᠨ ᠳᠡᠮᠵᠢᠯᠬᠡ ᠦᠵᠡᠬᠦᠯᠬᠦ | ᠬᠠᠮᠢᠶ᠎ᠠ ᠪᠦᠬᠦᠢ ᠵᠣᠷᠢᠭ ᠰᠠᠨᠠᠭ᠎ᠠ ᠶᠢ ᠦᠨᠳᠦᠰᠦᠯᠡᠨ ᠲᠤᠰ ᠰᠤᠷᠭᠠᠭᠤᠯᠢ ᠶᠢ ᠪᠠᠶᠢᠭᠤᠯᠤᠭᠰᠠᠨ ᠪᠠᠶᠢᠨ᠎ᠠ᠃ | ᠰᠤᠷᠭᠠᠭᠤᠯᠢ ᠶᠢᠨ ᠲᠦᠯᠦᠪᠵᠢᠬᠦᠯᠦᠭᠰᠡᠨᠲ᠋ᠠᠯᠠᠪᠠᠢ 350 ᠮᠦ ︵ᠬᠤᠳᠤᠩ ᠠᠷᠠᠳ ᠤᠨ ᠳᠤᠭᠤᠷᠢᠭ ᠤᠨ | ᠬᠠᠶᠢᠯᠠᠷ ᠪᠠᠷᠠᠭᠤᠨ ᠵᠡᠭᠡᠯᠢ︶᠂ ᠰᠤᠷᠭᠠᠭᠤᠯᠢ ᠡᠷᠬᠢᠯᠡᠬᠦ ᠬᠡᠪᠴᠢᠶ᠎ᠡ ᠨᠢ ᠠᠩᠬ᠎ᠠ ᠳᠤᠮᠳᠠᠳᠤ᠂ ᠳᠡᠭᠡᠳᠦ | ᠳᠤᠮᠳᠠᠳᠤ ᠶᠢᠨ ᠨᠡᠶᠢᠲᠡ 4000 ᠰᠤᠷᠤᠭᠴᠢ ᠶᠢ ᠪᠠᠭᠳᠠᠭᠠᠵᠦ᠂ 2019ᠣᠨ ᠠᠴᠠ ᠡᠬᠢᠯᠡᠨ ᠨᠢᠭᠡᠳᠦᠭᠡᠷ | ᠪᠦᠯᠦᠭ ᠰᠤᠷᠤᠭᠴᠢᠳ ᠢ ᠡᠯᠰᠡᠬᠦ ᠪᠠᠷ ᠪᠠᠶᠢᠨ᠎ᠠ᠃ | 2019 ᠣᠨ ᠳᠤ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ | ᠰᠤᠷᠭᠠᠭᠤᠯᠢ ᠵᠢᠨᠬᠦ᠋ᠬᠡᠬᠤᠲᠠ ᠳᠠᠬᠢ ᠬᠤᠪᠢᠶᠠᠷᠢ ᠰᠤᠷᠭᠠᠭᠤᠯᠢ ᠨᠢ ᠠᠩᠬᠠᠳᠤᠭᠠᠷ ᠬᠤᠭᠤᠴᠠᠭᠠᠨ ᠤ ᠦᠨᠳᠦᠷ | ᠳᠤᠮᠳᠠᠳᠤ ᠶᠢᠨ ᠨᠢᠭᠡᠳᠦᠭᠡᠷ ᠣᠨ ᠳᠤ 6 ᠠᠩᠭᠢ᠂ ᠠᠩᠭᠢ ᠪᠣᠯᠭᠠᠨ 45 ᠬᠥᠮᠦᠨ᠂ ᠨᠡᠶᠢᠲᠡ 270 ᠰᠤᠷᠤᠭᠴᠢ | ᠡᠯᠰᠡᠬᠦ ᠪᠠᠷ ᠪᠠᠶᠢᠨ᠎ᠠ᠃ ᠬᠦᠬᠡᠬᠤᠲᠠ ᠶᠢᠨ ᠡᠩ ᠤᠨᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ︽ᠨᠢᠬᠡᠳᠦᠯᠳᠡᠢ ᠡᠯᠰᠡᠬᠦ︾ ᠲᠥᠯᠦᠪᠯᠡᠭᠡ ᠶᠢ ᠬᠡᠷᠡᠭᠵᠢᠭᠦᠯᠵᠦ᠂ ᠰᠦᠯᠵᠢᠶᠡᠨᠲ᠋ᠡᠭᠡᠷ᠎ᠡ ᠡᠯᠰᠡᠨ᠎ᠡ᠃ ᠠᠩᠬ᠎ᠠ | ᠳᠤᠮᠳᠠᠳᠤ ᠶᠢᠨ ᠨᠢᠭᠡᠳᠦᠭᠡᠷ ᠣᠨ ᠳᠤ 280 ᠰᠤᠷᠤᠭᠴᠢ ᠡᠯᠰᠡᠬᠦ ᠪᠠᠷ ᠲᠥᠯᠦᠪᠯᠡᠵᠦ᠂ ᠡᠭᠦᠨ ᠳᠤ ᠬᠤᠳᠤᠩ | ᠠᠷᠠᠳ ᠤᠨ ᠳᠤᠭᠤᠷᠢᠭ ᠠᠴᠠ 180 ᠰᠤᠷᠤᠭᠴᠢ ᠡᠯᠰᠡᠨ᠎ᠡ᠃ ᠴᠥᠬᠡᠨ ᠲᠣᠭᠠᠲᠤ ᠦᠨᠳᠦᠰᠦᠲᠡᠨ ᠤ ᠣᠷᠣᠨ ᠤ | ᠰᠢᠯᠢᠳᠡᠭ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠪᠦᠬᠦ ᠬᠤᠲᠠ ᠳᠤ ᠬᠠᠨᠳᠤᠭᠤᠯᠤᠨ ᠴᠥᠬᠡᠨ | ᠲᠣᠭᠠᠲᠤ ᠦᠨᠳᠦᠰᠦᠲᠡᠨ ᠤ ᠠᠩᠭᠢ ᠪᠠ ᠤᠷᠠᠯᠢᠭ ᠤᠨ ᠤᠷ᠎ᠠ ᠠᠪᠢᠶᠠᠰ ᠤᠨ ᠠᠩᠭᠢ ᠲᠤᠰᠪᠣᠷᠢ ᠨᠢᠭᠡ ᠠᠩᠬᠢ | ᠡᠯᠰᠡᠨ᠎ᠡ᠃ |