ᠵᠠᠩ ᠯᠢᠨ ᠯᠢᠨ ᠵᠠᠰᠠᠭ ᠤᠨ ᠣᠷᠳᠣᠨ ᠤ ᠥᠷᠢ ᠥᠭᠴᠡᠭᠡ ᠶᠢ ᠢᠯᠭᠠᠷᠠᠭᠤᠯᠬᠤ ᠲᠣᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2019-07-08
     7 ᠳ᠋ᠤᠭᠠᠷ ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠠᠩ ᠯᠢᠨ ᠯᠢᠨ ᠰᠢᠶᠠᠨ ᠤ ᠨᠠᠮ ᠵᠠᠰᠠᠭ ᠤᠨ ᠠᠯᠪᠠᠨ ᠠᠰᠠᠷ ᠤᠨ 401 ᠬᠤᠷᠠᠯ ᠤᠨ ᠭᠡᠷ ᠲᠤ ᠵᠠᠰᠠᠭ ᠤᠨ ᠣᠷᠳᠣᠨ ᠤ ᠥᠷᠢ ᠥᠭᠴᠡᠭᠡ ᠶᠢ ᠢᠯᠭᠠᠷᠠᠭᠤᠯᠬᠤ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ᠂ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠬᠢᠨᠠᠨ ᠪᠣᠳᠣᠯᠲᠠ᠂ ᠭᠠᠵᠠᠷ ᠰᠢᠷᠣᠶ ᠬᠤᠳᠠᠯᠳᠣᠨ ᠠᠪᠴᠤ ᠨᠥᠭᠡᠴᠡᠯᠡᠬᠦ ᠲᠥᠪ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ᠂ ᠥᠷᠢ ᠥᠭᠴᠡᠭᠡ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠤᠨ ᠡᠯ᠎ᠡ ᠰᠢᠶᠠᠩ ᠪᠠᠯᠭᠠᠰᠤ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠬᠠᠷᠢᠭᠤᠴᠠᠯᠭᠠᠲᠠᠨ ᠵᠠᠰᠠᠭ ᠤᠨ ᠣᠷᠳᠣᠨ ᠤ ᠥᠷᠢ ᠥᠭᠴᠡᠭᠡ ᠶᠢ ᠢᠯᠭᠠᠷᠠᠭᠤᠯᠣᠭᠰᠠᠨ ᠶᠡᠷᠦᠩᠬᠡᠶ ᠪᠠᠶᠢᠳᠠᠯ ᠪᠣᠯᠤᠨ ᠱᠧᠩ ᠯᠧ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠰᠣᠶᠣᠯ ᠲᠠᠮᠢᠷ ᠤᠨ ᠬᠥᠳᠡᠯᠭᠡᠭᠡᠨ ᠤ ᠲᠥᠪ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠪᠦᠬᠦᠯᠢ ᠴᠣᠭᠴᠠ ᠪᠠᠷ ᠰᠢᠯᠵᠢᠭᠦᠯᠦᠨ ᠥᠭᠭᠦᠭᠰᠡᠨ ᠪᠠᠶᠢᠳᠠᠯ ᠢ ᠬᠠᠷᠢᠭᠤ ᠮᠡᠳᠡᠭᠦᠯᠵᠦ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠤᠨ ᠥᠷᠢ ᠥᠭᠴᠡᠭᠡ ᠶᠢ ᠢᠯᠭᠠᠷᠠᠭᠤᠯᠣᠭᠰᠠᠨ ᠪᠠ ᠦᠢᠯᠡᠳᠦᠭᠰᠡᠨ ᠦᠨ᠎ᠡ ᠶᠢ ᠬᠢᠨᠠᠨ ᠪᠤᠳᠤᠭᠰᠠᠨ ᠪᠠᠶᠢᠳᠠᠯ ᠢ ᠬᠠᠷᠢᠭᠤ ᠮᠡᠳᠡᠭᠦᠯᠪᠡ᠃      ᠭᠦᠸᠧ ᠸᠧᠨ ᠵᠢᠶᠦ᠋ᠨ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠤᠨ ᠥᠷᠢ ᠥᠭᠴᠡᠭᠡ ᠶᠢ ᠢᠯᠭᠠᠷᠠᠭᠤᠯᠬᠤ ᠪᠠ  ᠦᠢᠯᠡᠳᠦᠭᠰᠡᠨ ᠦᠨ᠎ᠡ ᠶᠢ ᠬᠢᠨᠠᠨ ᠪᠣᠳᠣᠬᠤ ᠠᠵᠢᠯ ᠳᠤ ᠬᠤᠶᠠᠷ ᠱᠠᠭᠠᠷᠳᠠᠯᠭ᠎ᠠ ᠳᠤᠷᠠᠳᠪᠠ᠂ ᠨᠢᠭᠡ ᠳᠤ ᠡᠯ᠎ᠡ ᠰᠢᠶᠠᠩ ᠪᠠᠯᠭᠠᠰᠤ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠵᠠᠪᠠᠯ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠨᠡᠬᠦ ᠠᠵᠢᠯ ᠢ ᠣᠳᠣᠬᠠᠨ ᠤ ᠠᠵᠢᠯ ᠤᠨ ᠴᠢᠬᠤᠯᠠ ᠪᠠᠶᠢᠷᠢᠨ ᠳᠤ ᠲᠠᠯᠪᠢᠵᠤ᠂ ᠪᠣᠳᠠᠲᠠᠶ ᠪᠥᠭᠡᠳ ᠨᠠᠷᠢᠯᠢᠭ ᠠᠳᠬᠤᠬᠤ ᠬᠡᠷᠡᠭᠲᠡᠶ︔ ᠬᠤᠶᠠᠷ ᠲᠤ᠂ ᠢᠨᠵᠧᠨᠧᠷᠢᠩ ᠤᠨ ᠬᠢᠨᠠᠨ ᠪᠤᠳᠤᠬᠤ ᠠᠬᠢᠴᠠ ᠶᠢ ᠲᠦᠷᠭᠡᠳᠬᠡᠵᠦ᠂ ᠬᠢᠨᠠᠨ ᠪᠤᠳᠤᠬᠤ ᠠᠵᠢᠯ ᠢᠶᠠᠨ ᠪᠡᠶᠡᠯᠡᠭᠦᠯᠦᠭᠡᠳᠦᠶ ᠰᠢᠶᠠᠩ ᠪᠠᠯᠭᠠᠰᠤ ᠳᠠᠷᠣᠶᠢᠬᠠᠨ ᠬᠥᠳᠡᠯᠦᠯᠴᠡᠵᠦ᠂ ᠰᠢᠢᠳᠪᠦᠷᠢᠯᠡᠬᠦ ᠠᠷᠭ᠎ᠠ ᠶᠢ ᠡᠷᠢᠯᠬᠢᠯᠡᠬᠦ ᠬᠡᠷᠡᠭᠲᠡᠶ᠂ ᠶᠠᠭᠠᠬᠢᠭᠰᠠᠨ ᠴᠤ ︽ᠰᠢᠨ᠎ᠡ ᠳᠠᠷᠤᠭ᠎ᠠ ᠬᠠᠭᠤᠴᠢᠨ ᠳᠠᠩᠰᠠ ᠶᠢ ᠬᠠᠮᠢᠶᠠᠷᠬᠤ ᠥᠬᠡᠶ︾ ᠪᠠᠶᠢᠵᠤ ᠪᠣᠯᠬᠤ ᠥᠬᠡᠶ᠂ ᠲᠣᠭᠲᠠᠭᠰᠠᠨ ᠴᠠᠭ ᠤᠨ ᠳᠣᠲᠣᠷ᠎ᠠ ᠦᠯᠡᠳᠡᠭᠡᠯ ᠥᠷᠢ ᠥᠭᠴᠡᠭᠡ ᠶᠢᠨ ᠰᠠᠭᠤᠷᠢ ᠲᠤᠭ᠎ᠠ ᠶᠢ ᠬᠢᠨᠠᠨ ᠵᠥᠪᠰᠢᠶᠡᠷᠡᠬᠦ ᠠᠵᠢᠯ ᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠪᠡ᠃      ᠵᠠᠩ ᠯᠢᠨ ᠯᠢᠨ ᠵᠢᠭᠠᠵᠣ ᠭᠠᠷᠭᠠᠭᠰᠠᠨ ᠨᠢ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠣᠯ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠭᠰᠠᠨ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠲᠡᠷᠢᠭᠦᠨ ᠴᠢᠬᠤᠯᠠ ᠳᠠᠶᠢᠯᠠᠯᠳᠤᠭᠠᠨ ᠪᠣᠯᠤᠨ᠎ᠠ᠂ ᠠᠵᠤ ᠠᠬᠤᠢ ᠶᠢᠨ ᠠᠮᠤᠷ ᠲᠦᠪᠰᠢᠨ ᠴᠢᠨᠠᠭᠰᠢᠯᠠᠪᠠᠯ ᠤᠯᠤᠰ ᠤᠨ ᠠᠮᠤᠷ ᠲᠦᠪᠰᠢᠨ ᠲᠠᠢ ᠰᠢᠭᠤᠳ ᠬᠤᠯᠪᠣᠭᠳᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠢ ᠱᠠᠭᠠᠷᠳᠠᠯᠭ᠎ᠠ ᠶᠣᠰᠣᠭᠠᠷ ᠂ ᠵᠢᠯ ‍ᠤᠨ‌ᠡᠴᠦᠰ ᠠᠴᠠ ᠡᠮᠦᠨ᠎ᠡ ︽ᠠᠷᠪᠠ ᠶᠢ ᠪᠦᠷᠢᠨ ᠪᠦᠷᠬᠦᠭᠦᠯᠬᠦ︾ 10 ᠲᠥᠷᠥᠯ ᠵᠦᠢᠯ ᠤᠨ ᠢᠨᠵᠧᠨᠧᠷᠢᠩ  ᠤᠨ ᠭᠠᠳᠠᠨᠠᠬᠢ ᠰᠢᠭᠤᠳ ᠬᠤᠯᠪᠣᠭᠳᠠᠬᠤ ᠲᠥᠷᠥᠯ ᠵᠦᠢᠯ ᠤᠨ ᠥᠷᠢᠲᠦᠵᠦ  ᠪᠠᠶᠢᠭ᠎ᠠ ᠢᠨᠵᠧᠨᠧᠷᠢᠩ ᠤᠨ ᠵᠣᠭᠤᠰ ᠢ ᠢᠯᠭᠠᠷᠠᠭᠤᠯᠬᠤ ᠡᠭᠦᠷᠭᠡ ᠶᠢ ᠡᠷᠬᠡᠪᠰᠢ ᠪᠡᠶᠡᠯᠡᠭᠦᠯᠬᠦ ᠬᠡᠷᠡᠭᠲᠡᠢ᠃ ᠮᠠᠨ ᠤ ᠰᠢᠶᠠᠨ ᠤ ᠥᠷᠢ ᠰᠢᠷᠢ ᠪᠠᠨ ᠢᠯᠭᠠᠷᠠᠭᠤᠯᠬᠤ ᠳᠠᠷᠤᠯᠲᠠ ᠲᠤᠩ ᠶᠡᠭᠡ ᠪᠠᠶᠢᠨ᠎ᠠ᠃ ᠡᠯ᠎ᠡ ᠰᠢᠶᠠᠩ ᠪᠠᠯᠭᠠᠰᠤ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠠᠷᠪᠠ ᠶᠢ ᠪᠦᠷᠢᠨ ᠪᠦᠷᠬᠦᠭᠦᠯᠬᠦ︾ 10 ᠲᠥᠷᠥᠯ ᠵᠦᠢᠯ ᠤᠨ ᠢᠨᠵᠧᠨᠧᠷᠢᠩ ᠤᠨ ᠭᠠᠳᠠᠨᠠᠬᠢ ᠥᠷᠢ ᠥᠭᠴᠡᠭᠡ ᠶᠢ ᠢᠯᠭᠠᠷᠠᠭᠤᠯᠬᠤ ᠶᠠᠪᠤᠳᠠᠯ ᠢ ᠨᠠᠩ ᠳᠣᠪᠣᠶᠢᠮ᠎ᠠ ᠪᠠᠶᠢᠷᠢᠨ ᠳᠤ ᠲᠠᠯᠪᠢᠵᠤ᠂ ᠠᠵᠢᠯ ᠢᠶᠠᠨ ᠪᠣᠳᠠᠲᠠᠶᠢᠵᠢᠭᠤᠯᠤᠨ ᠬᠢᠵᠦ᠂ ᠥᠷᠢ ᠰᠢᠷᠢ ᠢᠯᠭᠠᠷᠠᠭᠤᠯᠬᠤ ᠠᠵᠢᠯ ᠤᠨ ᠲᠤᠭ᠎ᠠ ᠪᠠᠷᠢᠮᠲᠠ ᠨᠢ ᠦᠨᠡᠨ ᠪᠣᠳᠠᠲᠠᠶ ᠪᠥᠭᠡᠳ ᠣᠨᠣᠪᠴᠢᠲᠠᠶ᠂ ᠳᠡᠰ ᠳᠠᠷᠠᠭᠠᠯᠠᠯ ᠨᠢ ᠬᠠᠤᠯᠢ ᠲᠣᠭᠲᠠᠭᠠᠯ ᠳᠤ ᠨᠡᠶᠢᠴᠡᠵᠦ᠂ ᠰᠢᠯᠭᠠᠨ ᠪᠠᠶᠢᠴᠠᠭᠠᠬᠤ ᠪᠠ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠵᠠᠩ ᠯᠢᠨ ᠯᠢᠨ ᠱᠠᠭᠠᠷᠳᠠᠭᠰᠠᠨ ᠨᠢ᠂ ᠨᠢᠭᠡ ᠳᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠢᠯᠭᠠᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠨᠴᠠᠭᠠᠢᠯᠠᠨ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠤᠨ ᠥᠷᠢ ᠥᠭᠴᠡᠭᠡ ᠶᠢ ᠢᠯᠭᠠᠷᠠᠭᠤᠯᠬᠤ ᠪᠠ ᠦᠢᠯᠡᠳᠦᠭᠰᠡᠨ ᠦᠨ᠎ᠡ ᠶᠢ ᠪᠠᠭᠠᠰᠬᠠᠬᠤ ᠬᠡᠷᠡᠭᠲᠡᠶ︔ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ ᠴᠡᠭᠴᠡᠯᠡᠨ ᠰᠠᠶᠢᠵᠢᠷᠠᠭᠤᠯᠵᠤ  ᠰᠢᠢᠳᠪᠦᠷᠢᠯᠡᠬᠦ ᠬᠡᠷᠡᠭᠲᠡᠢ︔ ᠭᠤᠷᠪᠠ ᠳᠤ᠂ ᠥᠷᠢ ᠰᠢᠷᠢ ᠢᠯᠭᠠᠷᠠᠭᠤᠯᠬᠤ ᠲᠥᠰᠦᠯ ᠢ ᠴᠢᠩᠭ᠎ᠠ ᠬᠡᠷᠡᠭᠵᠢᠭᠦᠯᠵᠦ᠂ ᠥᠷᠢ ᠰᠢᠷᠢ  ᠢᠯᠭᠠᠷᠠᠭᠤᠯᠬᠤ ᠠᠬᠢᠴᠠ ᠶᠢ ᠲᠦᠷᠭᠡᠳᠬᠡᠨ᠎ᠡ︔ ᠳᠥᠷᠪᠡ ᠳᠤ᠂ ᠡᠬᠢ ᠡᠭᠦᠰᠦᠯ ᠠᠴᠠ ᠨᠢ ᠬᠠᠮᠢᠶᠠᠷᠬᠤ ᠶᠢ ᠴᠢᠩᠭᠠᠳᠬᠠᠵᠤ᠂ ᠰᠢᠨ᠎ᠡ ᠪᠠᠷ ᠨᠡᠮᠡᠭᠳᠡᠬᠦ ᠥᠷᠢ ᠥᠭᠴᠡᠭᠡ ᠶᠢ ᠴᠢᠩᠭ᠎ᠠ ᠬᠢᠵᠠᠭᠠᠷᠯᠠᠬᠤ ᠬᠡᠷᠡᠭᠲᠡᠶ︔ ᠲᠠᠪᠤ ᠳᠤ ᠬᠢᠨᠠᠨ ᠪᠣᠳᠣᠬᠤ ᠶᠠᠰᠤ ᠴᠢᠨᠠᠷ ᠢ ᠪᠠᠲᠤᠯᠠᠵᠤ᠂ ᠬᠤᠳᠠᠯ ᠬᠡᠯᠡᠵᠦ ᠬᠠᠭᠤᠷᠮᠠᠭᠯᠠᠨ ᠦᠢᠯᠡᠳᠴᠦ ᠪᠣᠯᠬᠤ ᠦᠭᠡᠢ᠃ ᠬᠤᠷᠠᠯ ᠠᠴᠠ ᠪᠠᠰᠠ ᠬᠡᠳᠦᠨ ᠪᠣᠳᠠᠲᠠᠶ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号