ᠬᠤᠨᠢᠨ ᠤ ᠬᠡᠭᠡᠯ ᠤᠨ ᠪᠣᠶᠢᠵᠢᠯᠲᠠ ᠳᠤ ᠱᠠᠭᠠᠷᠳᠠᠬᠤ ᠰᠢᠮ᠎ᠡ ᠲᠡᠵᠢᠭᠡᠯ
ᠨᠡᠶᠢᠲᠡᠯᠡᠭᠰᠡᠨ ᠴᠠᠭ᠄
2019-07-08
    ᠡᠮ᠎ᠡ ᠬᠤᠨᠢᠨ ᠤ ᠬᠡᠭᠡᠯ ᠤᠨ ᠬᠤᠭᠤᠴᠠᠭᠠᠨ ᠳᠠᠬᠢ ᠱᠠᠭᠠᠷᠳᠠᠬᠤ ᠰᠢᠮ᠎ᠡ ᠲᠡᠵᠢᠭᠡᠯ ᠨᠢ ᠭᠦᠢᠴᠡᠳ ᠪᠠᠶᠢᠪᠠᠯ ᠰᠠᠶ᠋ᠢ ᠬᠡᠭᠡᠯ ᠤᠨ ᠥᠰᠦᠯᠲᠡ ᠪᠣᠶᠢᠵᠢᠯᠲᠠ ᠳᠤ ᠱᠠᠭᠠᠷᠳᠠᠬᠤ ᠰᠢᠮ᠎ᠡ ᠲᠡᠵᠢᠭᠡᠯ ᠢ ᠬᠠᠩᠭᠠᠬᠤ ᠪᠠᠷ ᠪᠠᠷᠠᠬᠤ ᠦᠭᠡᠢ ᠰᠦᠨ ᠤ ᠪᠦᠷᠢᠯᠳᠦᠬᠦ ᠳᠤ ᠰᠢᠮ᠎ᠡ ᠲᠡᠵᠢᠭᠡᠯ ᠬᠠᠩᠭᠠᠵᠤ ᠴᠢᠳᠠᠳᠠᠭ᠃ ᠡᠮ᠎ᠡ ᠬᠤᠶᠢᠨ᠎ᠠ ᠶᠢᠨ ᠬᠡᠭᠡᠯ ᠤᠨ ᠬᠤᠭᠤᠴᠠᠭᠠᠨ ᠳᠤ ᠰᠢᠮ᠎ᠡ ᠲᠡᠵᠢᠭᠡᠯ ᠬᠦᠷᠦᠯᠴᠡᠬᠦ ᠦᠭᠡᠢ ᠪᠣᠯ ᠬᠡᠭᠡᠯ ᠬᠠᠶᠠᠬᠤ ᠪᠤᠶᠤ ᠬᠡᠭᠡᠯ ᠢᠶᠠᠨ ᠰᠢᠩᠭᠡᠭᠡᠬᠦ ᠪᠣᠯᠣᠨ᠎ᠠ᠃ ᠬᠡᠭᠡᠯ ᠤᠨ ᠬᠤᠭᠤᠴᠠᠭᠠᠨ ᠤ ᠡᠯ᠎ᠡ ᠱᠠᠲᠤ ᠦᠶ᠎ᠡ ᠳᠠᠬᠢ ᠰᠢᠮ᠎ᠡ ᠲᠡᠵᠢᠭᠡᠯ ᠱᠠᠭᠠᠷᠳᠠᠬᠤ ᠬᠡᠮᠵᠢᠶ᠎ᠡ ᠪᠣᠯᠣᠨ ᠲᠥᠷᠥᠯ ᠵᠦᠢᠯ ᠨᠢ ᠪᠦᠷ ᠠᠳᠠᠯᠢ ᠪᠤᠰᠤ ᠪᠠᠶᠢᠳᠠᠭ᠃ ᠠᠯᠢ ᠱᠠᠲᠤ ᠦᠶ᠎ᠡ ᠶᠢᠨ ᠪᠣᠶᠢᠵᠢᠯᠲᠠ ᠶᠢᠨ ᠶᠠᠪᠤᠴᠠ ᠳᠠᠬᠢ ᠨᠡᠬᠡᠳᠡᠰᠦ ᠡᠷᠬᠡᠲᠡᠨ ᠨᠢ ᠰᠢᠮ᠎ᠡ ᠲᠡᠵᠢᠭᠡᠯ ᠳᠤᠲᠠᠭᠳᠠᠪᠠᠯ ᠪᠣᠶᠢᠵᠢᠯᠲᠠ ᠨᠢ ᠤᠳᠠᠭᠠᠰᠢᠷᠠᠵᠤ ᠵᠣᠭᠰᠣᠩᠭᠤᠶᠢᠷᠠᠨ᠎ᠠ᠃ ᠬᠡᠭᠡᠯ ᠤᠨ ᠪᠣᠶᠢᠵᠢᠯᠲᠠ ᠳᠤ ᠭᠦᠢᠴᠡᠳ ᠤᠭᠤᠷᠠᠭ ᠬᠠᠩᠭᠠᠬᠤ ᠠᠴᠠ ᠭᠠᠳᠠᠨ᠎ᠠ᠂ ᠡᠮ᠎ᠡ ᠬᠤᠨᠢ ᠡᠳᠦᠷ ᠪᠦᠷᠢ ᠪᠠᠷᠤᠭ 8g ᠺᠠᠯᠼ᠂ 4g ᠹᠣᠰᠹᠣᠷ ᠬᠡᠷᠡᠭᠰᠡᠨ᠎ᠡ᠃ ᠬᠡᠭᠡᠯ ᠤᠨ ᠬᠤᠭᠤᠴᠠᠭᠠᠨ ᠳᠤ ᠸᠢᠲ᠋ᠠᠮᠢᠨ A ᠪᠠ ᠸᠢᠲ᠋ᠠᠮᠢᠨ D ᠪᠠᠰᠠ ᠳᠤᠲᠠᠭᠳᠠᠵᠤ ᠪᠣᠯᠬᠤ ᠦᠭᠡᠢ᠂ ᠡᠶᠢᠮᠦ ᠠᠴᠠ ᠡᠳᠦᠷ ᠪᠦᠷᠢ ᠬᠤᠯᠤᠤᠪᠠᠩ ᠤᠨ ᠡᠳ᠋ 16 - 18mg ᠨᠥᠬᠦᠪᠦᠷᠢᠯᠡᠪᠡᠯ ᠵᠣᠬᠢᠨ᠎ᠠ᠃
 
ᠢᠷᠡᠯᠲᠡ᠄ ᠥᠪᠥᠷ ᠮᠣᠩᠭᠤᠯ ᠤᠨ ᠮᠠᠯ ᠠᠵᠤ ᠠᠬᠤᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号