ᠬᠤᠨᠢᠨ ᠤ ᠬᠡᠭᠡᠯ ᠤᠨ ᠪᠣᠶᠢᠵᠢᠯᠲᠠ ᠳᠤ ᠱᠠᠭᠠᠷᠳᠠᠬᠤ ᠰᠢᠮ᠎ᠡ ᠲᠡᠵᠢᠭᠡᠯ
ᠨᠡᠶᠢᠲᠡᠯᠡᠭᠰᠡᠨ ᠴᠠᠭ᠄
2019/7/8
    ᠡᠮ᠎ᠡ ᠬᠤᠨᠢᠨ ᠤ ᠬᠡᠭᠡᠯ ᠤᠨ ᠬᠤᠭᠤᠴᠠᠭᠠᠨ ᠳᠠᠬᠢ ᠱᠠᠭᠠᠷᠳᠠᠬᠤ ᠰᠢᠮ᠎ᠡ ᠲᠡᠵᠢᠭᠡᠯ ᠨᠢ ᠭᠦᠢᠴᠡᠳ ᠪᠠᠶᠢᠪᠠᠯ ᠰᠠᠶ᠋ᠢ ᠬᠡᠭᠡᠯ ᠤᠨ ᠥᠰᠦᠯᠲᠡ ᠪᠣᠶᠢᠵᠢᠯᠲᠠ ᠳᠤ ᠱᠠᠭᠠᠷᠳᠠᠬᠤ ᠰᠢᠮ᠎ᠡ ᠲᠡᠵᠢᠭᠡᠯ ᠢ ᠬᠠᠩᠭᠠᠬᠤ ᠪᠠᠷ ᠪᠠᠷᠠᠬᠤ ᠦᠭᠡᠢ ᠰᠦᠨ ᠤ ᠪᠦᠷᠢᠯᠳᠦᠬᠦ ᠳᠤ ᠰᠢᠮ᠎ᠡ ᠲᠡᠵᠢᠭᠡᠯ ᠬᠠᠩᠭᠠᠵᠤ ᠴᠢᠳᠠᠳᠠᠭ᠃ ᠡᠮ᠎ᠡ ᠬᠤᠶᠢᠨ᠎ᠠ ᠶᠢᠨ ᠬᠡᠭᠡᠯ ᠤᠨ ᠬᠤᠭᠤᠴᠠᠭᠠᠨ ᠳᠤ ᠰᠢᠮ᠎ᠡ ᠲᠡᠵᠢᠭᠡᠯ ᠬᠦᠷᠦᠯᠴᠡᠬᠦ ᠦᠭᠡᠢ ᠪᠣᠯ ᠬᠡᠭᠡᠯ ᠬᠠᠶᠠᠬᠤ ᠪᠤᠶᠤ ᠬᠡᠭᠡᠯ ᠢᠶᠠᠨ ᠰᠢᠩᠭᠡᠭᠡᠬᠦ ᠪᠣᠯᠣᠨ᠎ᠠ᠃ ᠬᠡᠭᠡᠯ ᠤᠨ ᠬᠤᠭᠤᠴᠠᠭᠠᠨ ᠤ ᠡᠯ᠎ᠡ ᠱᠠᠲᠤ ᠦᠶ᠎ᠡ ᠳᠠᠬᠢ ᠰᠢᠮ᠎ᠡ ᠲᠡᠵᠢᠭᠡᠯ ᠱᠠᠭᠠᠷᠳᠠᠬᠤ ᠬᠡᠮᠵᠢᠶ᠎ᠡ ᠪᠣᠯᠣᠨ ᠲᠥᠷᠥᠯ ᠵᠦᠢᠯ ᠨᠢ ᠪᠦᠷ ᠠᠳᠠᠯᠢ ᠪᠤᠰᠤ ᠪᠠᠶᠢᠳᠠᠭ᠃ ᠠᠯᠢ ᠱᠠᠲᠤ ᠦᠶ᠎ᠡ ᠶᠢᠨ ᠪᠣᠶᠢᠵᠢᠯᠲᠠ ᠶᠢᠨ ᠶᠠᠪᠤᠴᠠ ᠳᠠᠬᠢ ᠨᠡᠬᠡᠳᠡᠰᠦ ᠡᠷᠬᠡᠲᠡᠨ ᠨᠢ ᠰᠢᠮ᠎ᠡ ᠲᠡᠵᠢᠭᠡᠯ ᠳᠤᠲᠠᠭᠳᠠᠪᠠᠯ ᠪᠣᠶᠢᠵᠢᠯᠲᠠ ᠨᠢ ᠤᠳᠠᠭᠠᠰᠢᠷᠠᠵᠤ ᠵᠣᠭᠰᠣᠩᠭᠤᠶᠢᠷᠠᠨ᠎ᠠ᠃ ᠬᠡᠭᠡᠯ ᠤᠨ ᠪᠣᠶᠢᠵᠢᠯᠲᠠ ᠳᠤ ᠭᠦᠢᠴᠡᠳ ᠤᠭᠤᠷᠠᠭ ᠬᠠᠩᠭᠠᠬᠤ ᠠᠴᠠ ᠭᠠᠳᠠᠨ᠎ᠠ᠂ ᠡᠮ᠎ᠡ ᠬᠤᠨᠢ ᠡᠳᠦᠷ ᠪᠦᠷᠢ ᠪᠠᠷᠤᠭ 8g ᠺᠠᠯᠼ᠂ 4g ᠹᠣᠰᠹᠣᠷ ᠬᠡᠷᠡᠭᠰᠡᠨ᠎ᠡ ᠃ ᠬᠡᠭᠡᠯ ᠤᠨ ᠬᠤᠭᠤᠴᠠᠭᠠᠨ ᠳᠤ ᠸᠢᠲ᠋ᠠᠮᠢᠨ A ᠪᠠ ᠸᠢᠲ᠋ᠠᠮᠢᠨ D ᠪᠠᠰᠠ ᠳᠤᠲᠠᠭᠳᠠᠵᠤ ᠪᠣᠯᠬᠤ ᠦᠭᠡᠢ᠂ ᠡᠶᠢᠮᠦ ᠠᠴᠠ ᠡᠳᠦᠷ ᠪᠦᠷᠢ ᠬᠤᠯᠤᠤᠪᠠᠩ ᠤᠨ ᠡᠳ᠋ 16 - 18mg ᠨᠥᠬᠦᠪᠦᠷᠢᠯᠡᠪᠡᠯ ᠵᠣᠬᠢᠨ᠎ᠠ᠃
ᠢᠷᠡᠯᠲᠡ᠄ ᠥᠪᠥᠷ ᠮᠣᠩᠭᠤᠯ ᠤᠨ ᠮᠠᠯ ᠠᠵᠤ ᠠᠬᠤᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ