7 ᠳ᠋ᠤᠭᠠᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ | ᠤ ᠳᠡᠳ᠋ ᠲᠡᠷᠢᠭᠦᠯᠡᠭᠴᠢ ᠴᠡᠴᠡᠭ ᠵᠡᠷᠭᠡ ᠬᠥᠮᠦᠰ ᠴᠢᠩ ᠱᠦᠶ ᠾᠧ ᠰᠢᠶᠠᠨ ᠳᠤ ᠬᠦᠷᠴᠦ ᠤᠯᠤᠰ ᠲᠥᠷᠥ ᠶᠢᠨ | ᠵᠥᠪᠯᠡᠯᠭᠡᠨ ᠤ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠦᠨᠳᠦᠰᠦᠨ ᠱᠠᠲᠤᠨ ᠤ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠬᠤᠷᠠᠯ ᠳᠡᠭᠡᠷ᠎ᠡ ᠴᠡᠴᠡᠭ ᠵᠡᠷᠭᠡ ᠬᠥᠮᠦᠰ ᠴᠢᠩ ᠱᠦᠶ ᠾᠧ ᠰᠢᠶᠠᠨ ᠤ ᠤᠯᠤᠰ ᠲᠥᠷᠦ ᠶᠢᠨ ᠵᠥᠪᠯᠡᠯᠭᠡᠨ ᠤ | ᠠᠵᠢᠯ ᠢ ᠥᠷᠨᠢᠭᠦᠯᠦᠭᠰᠡᠨ ᠪᠠᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠮᠠᠨ ᠤ | ᠰᠢᠶᠠᠨ ᠤ ᠤᠯᠤᠰ ᠲᠥᠷᠦ ᠶᠢᠨ ᠵᠥᠪᠯᠡᠯᠭᠡᠨ ᠤ ᠣᠶᠢᠷ᠎ᠠ ᠶᠢᠨ ᠵᠢᠯ ᠤᠨ ᠲᠤᠷᠰᠢᠬᠢ ᠠᠵᠢᠯ ᠤᠨ ᠪᠠᠶᠢᠳᠠᠯ ᠢ | ᠨᠤᠲᠠᠯᠠᠪᠠ᠃ ᠴᠡᠴᠡᠭ ᠲᠠᠷᠠᠭᠠᠴᠢ ᠶᠢᠨ ᠠᠯᠬᠤᠮ ᠳᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠬᠡᠷᠬᠢᠨ | ᠰᠠᠶᠢᠲᠤᠷ ᠬᠢᠬᠦ ᠲᠤᠬᠠᠶ ᠵᠢᠭᠠᠵᠤ ᠭᠠᠷᠭᠠᠭᠰᠠᠨ ᠨᠢ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠥᠷᠭᠡᠨ ᠣᠯᠠᠨ | ᠦᠨᠳᠦᠰᠦᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠤᠯᠤᠰ ᠲᠥᠷᠥ ᠶᠢᠨ ᠴᠢᠨᠠᠷ ᠪᠠ | ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠨᠠᠯ | ᠵᠥᠪᠯᠡᠯᠭᠡ ᠶᠢ ᠰᠢᠶᠳᠪᠦᠷᠢᠯᠡᠬᠦ ᠶᠠᠰᠤ ᠴᠢᠨᠠᠷ ᠢ ᠲᠠᠰᠤᠷᠠᠯᠲᠠ ᠥᠬᠡᠶ ᠴᠢᠩᠭᠠᠷᠠᠭᠤᠯᠤᠨ᠂ ᠠᠷᠠᠳᠴᠢᠯᠠᠯ ᠢᠶᠠᠷ ᠬᠢᠨᠠᠯᠲᠠ | ᠲᠠᠯᠪᠢᠬᠤ ᠡᠷᠴᠢᠮ ᠢᠶᠠᠨ ᠦᠨᠡᠨ ᠬᠦ ᠴᠢᠩᠭᠠᠷᠠᠭᠤᠯᠵᠤ᠂ ᠭᠡᠰᠢᠭᠦᠳ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ | ᠃ ᠴᠡᠴᠡᠭ ᠴᠢᠬᠤᠯᠠᠴᠢᠯᠠᠭᠰᠠᠨ ᠨᠢ᠂ ᠪᠦᠬᠦ ᠤᠯᠤᠰ ᠠᠴᠠ ᠬᠤᠶᠠᠷ ᠬᠤᠷᠠᠯ ᠬᠤᠷᠠᠯᠳᠤᠭᠰᠠᠨ ᠬᠤᠭᠤᠴᠠᠭᠠᠨ ᠳᠤ᠂ ︽ | ᠬᠠᠳᠤᠨ ᠭᠤᠤᠯ ᠤᠨ ᠠᠮᠢ ᠠᠬᠤᠢ ᠶᠢᠨ ᠠᠵᠤ ᠠᠬᠤᠢ ᠶᠢᠨ ᠪᠦᠰᠡ︾ ᠨᠢ ᠭᠡᠰᠢᠭᠦᠨ᠂ ᠲᠥᠯᠥᠭᠡᠯᠡᠭᠴᠢᠳ ᠤᠨ | ᠠᠩᠬᠠᠷᠴᠤ ᠪᠠᠶᠭ᠎ᠠ ᠬᠠᠯᠠᠮᠰᠢᠯ ᠴᠡᠭ ᠪᠣᠯᠵᠠᠶ᠃ ᠶᠢᠰᠦᠨ ᠮᠣᠵᠢ ᠣᠷᠣᠨ ᠨᠡᠷ᠎ᠡ ᠬᠤᠯᠪᠣᠭᠠᠯᠠᠨ ᠪᠦᠬᠦ ᠤᠯᠤᠰ ᠠᠴᠠ | ᠤᠯᠤᠰ ᠲᠥᠷᠦ ᠶᠢᠨ ᠵᠥᠪᠯᠡᠯᠭᠡᠨ ᠳᠤ ᠰᠠᠨᠠᠯ ᠵᠥᠪᠯᠡᠯᠭᠡ ᠳᠡᠪᠰᠢᠭᠦᠯᠵᠦ᠂ ᠬᠠᠳᠤᠨ ᠭᠤᠤᠯ ᠤᠨ ᠠᠮᠢ ᠠᠬᠤᠢ ᠶᠢᠨ | ᠠᠵᠤ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠤᠯᠤᠰ ᠤᠨ ᠪᠠᠶᠢᠯᠳᠤᠬᠤ ᠪᠣᠳᠣᠯᠭ᠎ᠠ ᠶᠢᠨ | ᠲᠥᠯᠥᠪᠵᠢᠭᠦᠯᠭᠡ ᠳᠤ ᠣᠷᠣᠭᠤᠯᠬᠤ ᠰᠠᠨᠠᠭᠤᠯᠭ᠎ᠠ ᠭᠠᠷᠭᠠᠪᠠ᠃ ᠬᠠᠳᠤᠨ ᠭᠤᠤᠯ ᠳᠠᠭᠠᠤ ᠶᠢᠨ ᠠᠵᠤ ᠠᠬᠤᠢ ᠶᠢᠨ | ᠪᠦᠰᠡ ᠶᠢ ᠴᠣᠭᠴᠠᠯᠠᠬᠤ ᠳᠤ᠂ ᠬᠠᠳᠤᠨ ᠭᠤᠤᠯ ᠳᠠᠭᠠᠤ ᠶᠢᠨ ᠰᠢᠶᠠᠩ ᠪᠠᠯᠭᠠᠰᠤ ᠶᠢᠨ ᠳᠠᠪᠠᠭᠤᠯᠢᠭ᠂ ᠠᠵᠤ ᠦᠢᠯᠡᠰ | ᠤᠨ ᠰᠠᠭᠤᠷᠢ᠂ ᠣᠷᠣᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠬᠥᠭᠵᠢᠯᠲᠡ ᠶᠢᠨ ᠭᠤᠤᠯᠳᠠᠯᠭ᠎ᠠ ᠪᠠᠨ | ᠲᠣᠳᠣᠷᠬᠠᠶᠢᠯᠠᠵᠤ᠂ ᠨᠢᠭᠡ ᠪᠦᠯᠦᠭ ᠳᠠᠪᠠᠭᠤᠯᠢᠭ ᠣᠨᠴᠠᠯᠢᠭᠲᠤ ᠠᠵᠤ ᠦᠶᠯᠡᠰ ᠢ ᠴᠢᠷᠮᠠᠶᠢᠨ ᠴᠣᠭᠴᠠᠯᠠᠵᠤ᠂ | ᠣᠨᠴᠠᠯᠢᠭ ᠢᠶᠠᠷ ᠢᠯᠠ ᠲᠣᠳᠣ᠂ ᠣᠷᠣᠨ ᠪᠦᠰᠡ ᠶᠢᠨ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ | ᠪᠦᠷᠢᠯᠳᠦᠭᠦᠯᠬᠦ ᠬᠡᠷᠡᠭᠲᠡᠶ ᠭᠡᠵᠡᠢ᠃ | ᠰᠢᠶᠠᠨ ᠤ ᠤᠯᠤᠰ ᠲᠥᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠤᠯᠤᠰ | ᠲᠥᠷᠦ ᠶᠢᠨ ᠵᠥᠪᠯᠡᠯᠭᠡᠨ ᠤ ᠬᠡᠰᠡᠭ ᠭᠡᠰᠢᠭᠦᠳ ᠶᠠᠷᠢᠯᠴᠠᠬᠤ ᠬᠤᠷᠠᠯ ᠳᠤ ᠣᠷᠣᠯᠴᠠᠪᠠ᠃ |