| | | 7 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ | ᠨᠠᠮ ᠤᠨ ᠬᠤᠷᠢᠶ᠎ᠠ ᠶᠢᠨ ᠱᠦᠵᠢ ᠶᠦᠨ ᠬᠠᠢ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠤᠨ ᠶᠠᠳᠠᠭᠤ ᠬᠦᠴᠢᠷᠳᠡᠯᠲᠡᠶ ᠰᠢᠶᠠᠨ ᠠᠴᠠ ᠤᠬᠤᠷᠢᠨ ᠭᠠᠷᠬᠤ ᠶᠢ | ᠰᠤᠭᠤᠴᠢᠨ ᠪᠠᠶᠢᠴᠠᠭᠠᠬᠤ ᠠᠵᠢᠯ ᠤᠨ ᠲᠤᠬᠠᠶ ᠲᠤᠬᠢᠷᠠᠭᠤᠯᠤᠨ ᠪᠠᠶᠢᠷᠢᠯᠠᠭᠤᠯᠵᠤ᠂ ᠡᠯ᠎ᠡ ᠲᠠᠯ᠎ᠠ ᠶᠢᠨ ᠠᠵᠢᠯ ᠤᠨ | ᠤᠷᠤᠭᠰᠢᠲᠠᠶ ᠶᠠᠪᠤᠭᠳᠠᠬᠤ ᠶᠢ ᠪᠦᠬᠦ ᠬᠦᠴᠦᠨ ᠢᠶᠠᠷ ᠪᠠᠲᠤᠯᠠᠪᠠ᠃ | ᠰᠢᠶᠠᠨ ᠤ ᠤᠳᠤᠷᠢᠳᠤᠯᠭ᠎ᠠ ᠠᠴᠠ ᠶᠢᠨ ᠴᠦᠨ ᠯᠢᠶᠠᠩ᠂ ᠭᠦᠩ ᠸᠧᠶ ᠴᠦᠨ᠂ ᠬᠠᠳᠠ᠂ ᠵᠤᠤ ᠵᠦᠩ᠂ | ᠰᠢᠤᠢ ᠶᠢᠨ ᠭᠸᠤ᠂ ᠫᠧᠩ ᠱᠣᠣ ᠴᠥᠩ᠂ ᠢᠦᠶ ᠷᠦᠢ᠂ ᠵᠠᠩ ᠬᠠᠢ ᠲᠤᠤ᠂ ᠯᠢ ᠶᠢᠩ ᠴᠦᠨ᠂ ᠷᠧᠨ ᠶᠠᠨ ᠰᠢᠶᠠᠩ | ᠂ ᠪᠠᠲᠤ ᠬᠤᠷᠠᠯ ᠳᠤ ᠣᠷᠣᠯᠴᠠᠪᠠ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ | ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠤᠯᠴᠠᠪᠠ᠃ ᠬᠤᠷᠠᠯ ᠢ | ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠪᠢᠶᠠᠷᠢ ᠬᠤᠷᠠᠯ ᠤᠨ | ᠲᠠᠯᠠᠪᠠᠢ ᠳᠤ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠡᠯ᠎ᠡ ᠰᠢᠶᠠᠩ ᠪᠠᠯᠭᠠᠰᠤ ᠠᠴᠠ ᠤᠬᠤᠷᠢᠨ ᠭᠠᠷᠬᠤ ᠶᠢ ᠰᠤᠭᠤᠴᠢᠨ ᠪᠠᠶᠢᠴᠠᠭᠠᠬᠤ ᠠᠵᠢᠯ ᠢ | ᠪᠡᠯᠡᠳᠬᠡᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠡ︔ | ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠠᠴᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ | ᠰᠠᠨᠠᠯ ᠰᠠᠨᠠᠭᠤᠯᠭ᠎ᠠ ᠳᠤᠷᠠᠳᠪᠠ᠃ ᠰᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠬᠤᠷᠢᠨ ᠭᠠᠷᠬᠤ ᠶᠢ ᠰᠤᠭᠤᠴᠢᠨ | ᠪᠠᠶᠢᠴᠠᠭᠠᠬᠤ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ ᠡᠷᠬᠡᠪᠰᠢ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ ᠶᠢ | ᠰᠠᠶᠢᠲᠤᠷ ᠬᠢᠵᠦ᠂ ᠶᠠᠪᠤᠴᠠ ᠨᠢ ᠳᠦᠷᠢᠮᠵᠢᠭᠦᠨ᠂ ᠪᠠᠷᠢᠮᠵᠢᠶ᠎ᠠ ᠨᠢ ᠲᠣᠳᠣᠷᠬᠠᠶ᠂ ᠦᠷ᠎ᠡ ᠳ᠋ᠦᠩ ᠨᠢ ᠦᠨᠡᠨ ᠪᠣᠳᠠᠲᠠᠶ | ᠪᠠᠶᠢᠬᠤ ᠬᠡᠷᠡᠭᠲᠡᠶ ᠭᠡᠪᠡ᠃ | ᠶᠦᠨ ᠬᠠᠢ ᠴᠢᠬᠤᠯᠠᠴᠢᠯᠠᠭᠰᠠᠨ ᠨᠢ᠂ ᠨᠢᠭᠡ ᠳᠤ᠂ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠰᠢᠶᠠᠨ᠂ | ᠰᠢᠶᠠᠩ ᠬᠤᠶᠠᠷ ᠱᠠᠲᠤ ᠵᠢᠴᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ | ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ | ᠲᠣᠳᠣᠷᠬᠠᠶᠢᠯᠠᠵᠤ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠶ᠃ ᠬᠤᠶᠠᠷ ᠲᠤ᠂ | ᠣᠨᠣᠪᠴᠢᠲᠠᠶ ᠪᠠᠷ ᠬᠥᠲᠥᠯᠥᠨ ᠵᠢᠯᠣᠭᠤᠳᠴᠤ᠂ ᠬᠥᠲᠥᠯᠥᠨ ᠳᠠᠭᠠᠭᠤᠯᠤᠭᠴᠢ ᠨᠢ ᠵᠥᠪ ᠣᠨᠣᠪᠴᠢᠲᠠᠶ ᠬᠥᠲᠥᠯᠥᠨ | ᠵᠢᠯᠣᠭᠤᠳᠬᠤ ᠶᠢᠨ ᠬᠠᠮᠲᠤ ᠪᠠᠶᠢᠴᠠᠭᠠᠬᠤ ᠳᠤᠭᠤᠶᠢᠯᠠᠩ ᠳᠤ ᠮᠡᠳᠡᠭᠡ ᠵᠠᠩᠭᠢ ᠶᠢᠨ ᠯᠠᠪᠯᠠᠯᠲᠠ ᠪᠠ ᠬᠠᠮᠢᠶ᠎ᠠ ᠪᠦᠬᠦᠢ | ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠭᠤᠷᠪᠠ ᠳᠤ᠂ ᠡᠯ᠎ᠡ ᠵᠦᠢᠯ ᠤᠨ ᠠᠵᠢᠯ ᠤᠨ ᠳᠠᠩᠰᠠ | ᠡᠪᠬᠡᠮᠡᠯ ᠢ ᠰᠠᠶᠢᠲᠤᠷ ᠪᠡᠯᠡᠳᠬᠡᠬᠦ ᠬᠡᠷᠡᠭᠲᠡᠢ᠃ ᠳᠥᠷᠪᠡ ᠳᠤ᠂ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠳᠠᠷᠤᠶ | ᠲᠦᠷᠭᠡᠨ ᠣᠨᠣᠪᠴᠢᠲᠠᠶ ᠬᠠᠩᠭᠠᠬᠤ ᠬᠡᠷᠡᠭᠲᠡᠶ᠃ ᠲᠠᠪᠤ ᠳᠤ᠂ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ | ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠲᠤᠶᠢᠯ ᠤᠨ ᠣᠨᠣᠪᠴᠢᠲᠠᠶ ᠪᠠᠷ ᠡᠵᠡᠮᠰᠢᠵᠦ᠂ ᠶᠠᠳᠠᠭᠤ ᠶᠢ ᠲᠡᠳᠬᠦᠬᠦ | ᠵᠢᠭᠡᠯᠡᠯᠭᠡ ᠶᠢᠨ ᠬᠤᠭᠤᠴᠠᠭ᠎ᠠ ᠬᠡᠲᠦᠷᠡᠭᠰᠡᠨ ᠵᠡᠷᠭᠡ ᠦᠵᠡᠭᠳᠡᠯ ᠢ ᠬᠢᠨᠠᠨ ᠡᠵᠡᠮᠳᠡᠬᠦ ᠶᠢ ᠤᠯᠠᠮ ᠨᠢᠭᠡ ᠠᠯᠬᠤᠮ | ᠴᠢᠩᠭᠠᠳᠬᠠᠬᠤ ᠬᠡᠷᠡᠭᠲᠡᠶ᠃ ᠵᠢᠷᠭᠤᠭ᠎ᠠ ᠳᠤ᠂ ᠮᠠᠲ᠋ᠧᠷᠢᠶᠠᠯ ᠢ ᠭᠦᠢᠴᠡᠳ ᠪᠡᠯᠡᠳᠬᠡᠵᠦ᠂ ᠠᠭᠤᠯᠭ᠎ᠠ ᠨᠢ ᠦᠨᠡᠨ | ᠪᠣᠳᠠᠲᠠᠶ ᠪᠤᠰᠤᠳᠴᠢ᠂ ᠠᠰᠠᠭᠤᠳᠠᠯ ᠨᠢ ᠦᠨᠡᠨ ᠠᠴᠠ ᠵᠥᠪ ᠢ ᠡᠷᠢᠵᠦ᠂ ᠲᠤᠭ᠎ᠠ ᠪᠠᠷᠢᠮᠲᠠ ᠨᠢ ᠣᠨᠣᠪᠴᠢᠲᠠᠶ | ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠪᠡ᠃ |