7 ᠳ᠋ᠤᠭᠠᠷ ᠰᠠᠷ᠎ᠠ ᠶᠢᠨ 31 ᠤ ᠡᠳᠦᠷ᠂ ᠰᠢᠶᠠᠨ ᠤ ᠳᠡᠳ᠋ ᠳᠠᠷᠤᠭ᠎ᠠ ᠵᠠᠩ ᠰᠢᠶᠧ ᠵᠢᠶᠦ᠋ᠨ ᠳ᠋ᠢ ᠴᠠᠨ | ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠲᠤ ᠬᠦᠷᠴᠦ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ | ᠶᠢᠨ ᠠᠬᠢᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠬᠦᠷᠢᠶᠡᠯᠡᠩ ᠲᠣᠭᠤᠷᠢᠭ ᠤᠨ ᠪᠠᠷᠢᠯᠭ᠎ᠠ ᠶᠢᠨ ᠲᠠᠯ᠎ᠠ ᠶᠢᠨ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠪᠠᠷ᠎ᠠ ᠪᠣᠯᠣᠭᠰᠠᠨ ᠤ ᠬᠠᠮᠲᠤ ᠢᠨᠵᠧᠨᠧᠷᠢᠩ ᠤᠨ ᠠᠬᠢᠴᠠ ᠶᠢ | ᠲᠠᠨᠢᠯᠴᠠᠭᠤᠯᠪᠠ᠃ ᠣᠳᠣ ᠪᠣᠯᠲᠠᠯ᠎ᠠ᠂ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠤᠨ ᠦᠶᠯᠡᠳᠪᠦᠷᠢ ᠶᠢᠨ | ᠭᠡᠷ ᠪᠠᠶᠢᠰᠢᠩ ᠢ ᠶᠠᠭ ᠳᠣᠲᠣᠨ᠎ᠠ ᠭᠠᠳᠠᠨ᠎ᠠ ᠵᠠᠰᠠᠵᠤ ᠴᠢᠮᠡᠭᠯᠡᠵᠦ᠂ ᠵᠤᠤᠬᠠᠨ ᠭᠡᠷ ᠪᠠ ᠰᠠᠩ ᠬᠥᠮᠥᠷᠭᠡ ᠶᠢᠨ ᠭᠡᠷ | ᠪᠠᠶᠢᠰᠢᠩ ᠤᠨ ᠲᠠᠰᠤᠯᠤᠪᠴᠢ ᠬᠠᠪᠲᠠᠰᠤ ᠶᠢ ᠨᠢᠭᠡᠨᠲᠡ ᠤᠷᠢᠳᠴᠢᠯᠠᠨ ᠵᠠᠬᠢᠶᠠᠯᠠᠵᠤ᠂ ᠰᠠᠭᠤᠷᠢ ᠪᠣᠷᠣ ᠲᠥᠯᠥᠪ ᠢ | ᠨᠢᠭᠡᠨᠲᠡ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠭᠠᠳᠠᠨᠠᠬᠢ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠶᠢ | ᠶᠠᠭ ᠪᠠᠷᠢᠵᠤ᠂ ᠭᠠᠳᠠᠷ ᠬᠡᠷᠡᠮ ᠤᠨ ᠲᠣᠭᠤᠰᠬ᠎ᠠ ᠪᠠ ᠳᠤᠯᠠᠭᠠᠨ ᠢ ᠬᠠᠮᠠᠭᠠᠯᠠᠬᠤ ᠬᠠᠪᠲᠠᠰᠤ ᠶᠢ ᠨᠢᠭᠡᠨᠲᠡ ᠳᠡᠪᠢᠰᠴᠦ | ᠳᠠᠭᠤᠰᠬᠠᠨ᠂ ᠴᠣᠩᠬᠤᠨ ᠰᠢᠯ ᠢ ᠨᠢᠭᠡᠨᠲᠡ ᠤᠭᠰᠠᠷᠠᠵᠤ᠂ ᠭᠠᠳᠠᠷ ᠵᠠᠰᠠᠵᠤ ᠴᠢᠮᠡᠭᠯᠡᠬᠦ ᠠᠵᠢᠯ ᠢ ᠦᠨᠳᠦᠰᠦᠨ ᠳᠡᠭᠡᠨ | ᠳᠠᠭᠤᠰᠬᠠᠪᠠ︔ ᠭᠡᠷ ᠳᠣᠲᠣᠷ᠎ᠠ ᠭᠠᠯ ᠤᠨᠲᠠᠷᠠᠭᠠᠬᠤ ᠲᠥᠬᠦᠭᠡᠷᠦᠮᠵᠢ᠂ ᠤᠲᠤᠭ᠎ᠠ ᠭᠠᠳᠠᠭᠰᠢᠯᠠᠭᠤᠯᠬᠤ ᠲᠥᠬᠦᠭᠡᠷᠦᠮᠵᠢ | ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ᠂ ᠳᠣᠲᠣᠷ ᠲᠠᠰᠤᠯᠭ᠎ᠠ ᠶᠢᠨ ᠵᠢᠵᠢᠭ ᠲᠠᠰᠤᠯᠭ᠎ᠠ ᠶᠢ ᠤᠭᠰᠠᠷᠠᠵᠤ᠂ | ᠱᠠᠯᠠ᠂ ᠬᠠᠨ᠎ᠠ ᠶᠢᠨ ᠬᠠᠪᠲᠠᠰᠤ ᠶᠢ ᠨᠢᠭᠡᠨᠲᠡ ᠤᠭᠰᠠᠷᠠᠵᠤ ᠳᠠᠭᠤᠰᠴᠠᠢ᠂ ᠬᠦᠷᠢᠶᠡᠯᠡᠩ ᠲᠣᠭᠤᠷᠢᠭ 9 ᠳ᠋ᠦ᠋ᠭᠡᠷ ᠰᠠᠷ᠎ᠠ | ᠳᠤ ᠠᠰᠢᠭᠯᠠᠯᠲᠠ ᠳᠤ ᠣᠷᠣᠭᠤᠯᠬᠤ ᠪᠠᠷ ᠵᠢᠱᠢᠵᠦ ᠪᠤᠢ᠃ ᠵᠠᠩ ᠰᠢᠶᠧ ᠵᠢᠶᠦ᠋ᠨ᠂ ᠲᠣᠰ ᠲᠥᠷᠥᠯ ᠵᠦᠶᠯ ᠤᠨ | ᠪᠦᠲᠦᠭᠡᠨ ᠪᠠᠢᠭᠤᠯᠤᠯᠲᠠ ᠨᠢ ︽ᠭᠤᠷᠪᠠᠨ ᠬᠤᠲᠠ ᠶᠢ ᠵᠡᠷᠭᠡᠪᠡᠷ ᠴᠣᠭᠴᠠᠯᠠᠬᠤ︾ ᠠᠵᠢᠯ ᠢ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠵᠦ ᠳᠠᠢᠯᠠᠬᠤ ᠡᠰᠡᠬᠦ ᠲᠠᠢ ᠬᠤᠯᠪᠣᠭᠳᠠᠵᠤ᠂ ᠮᠠᠨ ᠤ ᠰᠢᠶᠠᠨ ᠤ ᠠᠷᠠᠳ ᠤᠨ ᠠᠮᠢᠳᠤᠷᠠᠯ | ᠤᠨ ᠴᠢᠬᠤᠯᠠ ᠢᠨᠵᠧᠨᠧᠷᠢᠩ ᠪᠠᠶᠢᠵᠤ᠂ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠂ ᠪᠠᠷᠢᠯᠭ᠎ᠠ ᠶᠢᠨ ᠲᠠᠯ᠎ᠠ ᠶᠢᠨ | ᠬᠢᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠨ ᠴᠢᠨᠠᠭᠰᠢᠳᠠ ᠴᠢᠩᠭᠠᠳᠬᠠᠵᠤ᠂ ᠲᠥᠷᠥᠯ ᠵᠦᠶᠯ ᠤᠨ | ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠬᠦᠷᠢᠶᠡᠯᠡᠩ ᠲᠣᠭᠤᠷᠢᠭ ᠤᠨ ᠲᠣᠭᠲᠠᠭᠰᠠᠨ | ᠬᠤᠭᠤᠴᠠᠭᠠᠨ ᠳᠤ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠰᠠᠶᠢᠨ ᠶᠠᠪᠤᠳᠠᠯ ᠢ ᠰᠠᠶᠢᠲᠤᠷ | ᠬᠢᠵᠦ᠂ ᠪᠣᠳᠠᠲᠠᠶ ᠶᠠᠪᠤᠳᠠᠯ ᠢ ᠪᠣᠳᠠᠲᠠᠶ ᠬᠢᠬᠦ ᠬᠡᠷᠡᠭᠲᠡᠶ ᠭᠡᠵᠡᠢ᠃ |