ᠳᠤᠮᠳᠠᠳᠣ ᠣᠯᠣᠰ ᠤᠨ ᠮᠤᠩᠭᠤᠯ ᠤᠳᠬ᠎ᠠ ᠵᠤᠬᠢᠶᠠᠯ ᠤᠨ ᠰᠢᠨᠵᠢᠯᠡᠭᠡᠨ ᠤ ᠨᠡᠶᠢᠭᠡᠮᠯᠢᠭ ᠤᠨ ᠠᠷᠪᠠᠨ ᠬᠤᠶᠠᠳᠣᠭᠠᠷ ᠤᠳᠠᠭᠠᠨ ᠤ ᠡᠷᠳᠡᠮ ᠰᠢᠨᠵᠢᠯᠡᠭᠡᠨ ᠤ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2019-08-01
     7 ᠰᠠᠷ᠎ᠠ ᠶᠢᠨ 24 ᠤ ᠡᠳᠦᠷ᠂ ᠳᠤᠮᠳᠠᠳᠣ ᠣᠯᠣᠰ ᠤᠨ ᠮᠤᠩᠭᠤᠯ ᠤᠳᠬ᠎ᠠ ᠵᠤᠬᠢᠶᠠᠯ ᠤᠨ ᠰᠢᠨᠵᠢᠯᠡᠭᠡᠨ ᠤ ᠨᠡᠶᠢᠭᠡᠮᠯᠢᠭ ᠤᠨ ᠠᠷᠪᠠᠨ ᠬᠤᠶᠠᠳᠣᠭᠠᠷ ᠤᠳᠠᠭᠠᠨ ᠤ ᠡᠷᠳᠡᠮ ᠰᠢᠨᠵᠢᠯᠡᠭᠡᠨ ᠤ ᠬᠤᠷᠠᠯ ᠪᠠᠭᠠᠷᠢᠨ ᠪᠠᠷᠠᠭᠤᠨ ᠬᠤᠰᠢᠭᠤᠨ ᠳᠤ ᠤᠳᠬ᠎ᠠ ᠳᠡᠭᠦᠯᠳᠡᠷ ᠡᠬᠢᠯᠡᠪᠡ᠃ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠬᠰᠡᠨ ᠲᠤᠰ ᠬᠤᠷᠠᠯ ᠨᠢ ᠳᠣᠮᠳᠠᠳᠣ ᠤᠯᠤᠰ ᠤᠨ ᠮᠤᠩᠭᠤᠯ ᠤᠳᠬ᠎ᠠ ᠵᠤᠬᠢᠶᠠᠯ ᠤᠨ ᠡᠷᠳᠡᠮ ᠰᠢᠨᠵᠢᠯᠡᠭᠡᠨ ᠤ ᠨᠡᠶᠢᠭᠡᠮᠯᠢᠭ ᠪᠠᠶᠢᠭᠤᠯᠤᠭᠳᠠᠭᠰᠠᠨ 30 ᠵᠢᠯ ᠤᠨ ᠳᠤᠷᠰᠢᠬᠢ ᠠᠵᠢᠯ ᠤᠨ ᠡᠷᠭᠢᠴᠡᠭᠦᠯᠦᠯ᠂ ᠡᠷᠳᠡᠮᠳᠡᠨ ᠰᠡᠴᠡᠨᠮᠦ᠋ᠩᠬᠡ ᠶᠢᠨ ᠰᠣᠳᠣᠯᠭᠠᠨ ᠤ ᠦᠷ᠎ᠡ ᠪᠦᠲᠦᠭᠡᠯ ᠢ ᠶᠠᠷᠢᠯᠴᠠᠬᠤ ᠲᠤᠰᠬᠠᠢ ᠬᠤᠷᠠᠯ᠂ 30 ᠵᠢᠯ ᠤᠨ ᠡᠷᠳᠡᠮ ᠰᠢᠨᠵᠢᠯᠡᠭᠡᠨ ᠤ ᠠᠵᠢᠯ ᠳᠣᠮᠳᠠ ᠲᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠬᠦᠮᠦᠰ ᠲᠤ ᠢᠷᠠᠭᠤ ᠠᠯᠳᠠᠷ ᠤᠨ ᠦᠨᠡᠮᠯᠡᠯ ᠤᠯᠭᠤᠬᠤ᠂ ᠳᠠᠷᠠᠭᠠᠴᠢ ᠶᠢᠨ ᠠᠵᠢᠯ ᠳᠤ ᠪᠠᠶᠢᠷᠢᠯᠠᠭᠤᠯᠤᠯᠳᠠ ᠬᠢᠬᠦ ᠵᠡᠷᠭᠡ ᠠᠭᠤᠯᠭ᠎ᠠ ᠶᠢ ᠪᠠᠭᠳᠠᠭᠠᠵᠠᠢ᠃      ᠬᠤᠷᠠᠯ ᠢ ᠲᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠤᠩᠭᠤᠯ ᠰᠤᠳᠤᠯᠤᠯ ᠤᠨ ᠭᠠᠵᠠᠷ᠂ ᠲᠤᠮᠳᠠᠳᠤ ᠤᠯᠤᠰ ᠤᠨ ᠮᠤᠩᠭᠤᠯ ᠤᠳᠬ᠎ᠠ ᠵᠤᠬᠢᠶᠠᠯ ᠤᠨ ᠰᠢᠨᠵᠢᠯᠡᠭᠡᠨ ᠤ ᠨᠡᠶᠢᠭᠡᠮᠯᠢᠭ ᠠᠴᠠ ᠭᠤᠤᠯᠯᠠᠨ ᠡᠷᠬᠢᠯᠡᠵᠦ᠂ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠬᠠᠮᠵᠢᠨ ᠡᠷᠬᠢᠯᠡᠪᠡ᠃ ᠬᠤᠷᠠᠯ ᠳᠤ᠂ ᠳᠣᠮᠳᠠᠳᠣ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠦᠨᠳᠦᠰᠦᠳᠡᠨ ᠤ ᠤᠳᠬ᠎ᠠ ᠵᠤᠬᠢᠶᠠᠯ ᠤᠨ ᠭᠠᠵᠠᠷ ᠪᠤᠯᠤᠨ ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠭᠠᠳᠠᠳ ᠪᠠ ᠲᠦᠪ ᠤᠨ ᠦᠨᠳᠦᠰᠦᠳᠡᠨ ᠤ ᠶᠡᠭᠡ ᠰᠣᠷᠭᠠᠭᠤᠯᠢ᠂ ᠦᠪᠦᠷ ᠮᠤᠩᠭᠤᠯ ᠤᠨ ᠶᠡᠭᠡ ᠰᠣᠷᠭᠠᠭᠤᠯᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠣᠷᠭᠠᠭᠤᠯᠢ᠂ ᠪᠠᠷᠠᠭᠤᠨ ᠬᠤᠶᠢᠳᠦ ᠶᠢᠨ ᠦᠨᠳᠦᠰᠦᠳᠡᠨ ᠤ ᠶᠡᠭᠡ ᠰᠣᠷᠭᠠᠭᠤᠯᠢ ᠶᠢᠨ ᠫᠷᠤᠹᠧᠰᠰᠤᠷ᠂ ᠳ᠋ᠤᠺᠲ᠋ᠤᠷ᠂ ᠠᠰᠫᠢᠷᠠᠨᠲ ᠨᠠᠷ ᠵᠢᠴᠢ ᠮᠤᠩᠭᠤᠯ ᠤᠳᠬ᠎ᠠ ᠵᠤᠬᠢᠶᠠᠯ ᠤᠨ ᠠᠬᠠᠮᠠᠳ ᠡᠷᠳᠡᠮᠳᠡᠳ᠂ ᠬᠠᠮᠢᠶ᠎ᠠ ᠪᠦᠬᠦᠢ ᠤᠳᠤᠷᠢᠳᠤᠯᠭ᠎ᠠ᠂ ᠤᠷᠠᠨ ᠵᠤᠬᠢᠶᠠᠯ ᠤᠨ ᠪᠠᠭ᠋ᠠᠳᠠᠳ 100 ᠭᠠᠷᠤᠢ ᠬᠦᠮᠦᠨ ᠤᠷᠤᠯᠴᠠᠵᠦ᠂ 50 ᠭᠠᠷᠤᠢ ᠦᠬᠦᠯᠡᠯ ᠵᠤᠬᠢᠶᠠᠯ ᠲᠡᠪᠰᠢᠬᠦᠯᠦᠭᠰᠡᠨ ᠪᠠᠶᠢᠨ᠎ᠡ᠃      ︽ᠭᠤᠴᠢᠨ ᠵᠢᠯ ᠤᠨ ᠲᠤᠷᠰᠢ ᠨᠡᠶᠢᠳᠡ 1000 ᠭᠠᠷᠤᠢ ᠡᠷᠳᠡᠮ ᠰᠢᠡᠵᠢᠯᠡᠭᠡᠨ ᠤ ᠪᠦᠳᠦᠭᠡᠯ᠂ 300 ᠭᠠᠷᠤᠢ ᠦᠬᠦᠯᠡᠯ ᠵᠤᠬᠢᠶᠠᠯ ᠨᠡᠶᠢᠳᠡᠯᠡᠭᠳᠡᠵᠦ ᠪᠠᠶᠢᠨ᠎ᠠ ᠭᠡᠳᠡᠭ ᠪᠤᠯ ᠲᠡᠤᠭᠡᠨ ᠳ᠋ᠤ᠋ ᠭᠠᠷᠤᠭ᠎ᠠ ᠦᠭᠡᠢ ᠶᠡᠭᠡ ᠠᠮᠵᠢᠯᠳᠡ ᠪᠤᠯᠬᠤ ᠶᠤᠮ᠃ ᠡᠨᠡ ᠪᠦᠬᠦᠨ ᠨᠢ ᠨᠠᠮ ᠤᠨ ᠦᠡᠳᠦᠰᠦᠳᠡᠨ ᠤ ᠲᠦᠷᠦ ᠶᠢᠨ ᠪᠤᠳᠤᠯᠭ᠎ᠠ ᠪᠤᠯᠤᠨ ᠡᠷᠳᠡᠮᠳᠡᠨ ᠰᠤᠳᠤᠯᠭᠠᠳᠠᠳ ᠤᠨ ᠴᠢᠷᠮᠠᠶᠢᠯᠭ᠎ᠠ ᠠᠴᠠ ᠰᠠᠯᠵᠦ ᠴᠢᠳᠠᠰᠢ ᠦᠭᠡᠢ᠃ ᠡᠨᠡ ᠤᠳᠠᠭᠠᠨ ᠤ ᠬᠤᠷᠠᠯ ᠨᠢ ᠠᠮᠵᠢᠯᠳᠠ ᠪᠠᠨ ᠳ᠋ᠦᠡᠭᠨᠡᠵᠦ ᠬᠤᠶᠢᠰᠢᠳᠠ ᠶᠢᠨ ᠠᠵᠢᠯ ᠢᠶᠠᠨ ᠪᠠᠶᠢᠷᠢᠯᠠᠭᠤᠯᠬᠤ ᠳᠤ ᠲᠦᠢᠯ ᠤᠨ ᠴᠢᠬᠤᠯᠠ ᠠᠴᠢ ᠬᠤᠯᠪᠤᠭᠳᠠᠯ ᠲᠠᠢ︾ ᠭᠡᠵᠦ ᠲᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠨ᠎ᠡ ᠶᠢ ᠡᠬᠦᠳᠬᠦ ᠢᠨᠵᠧᠨᠧᠷᠢᠩ ᠤᠨ ᠦᠨᠳᠦᠰᠦᠳᠡᠨ ᠤ ᠤᠳᠬ᠎ᠠ ᠵᠤᠬᠢᠶᠠᠯ ᠰᠤᠳᠤᠯᠬᠤ ᠬᠦᠷᠢᠶᠡᠯᠡᠩ ᠤᠨ ᠤᠤᠯ ᠤᠨ ᠲᠡᠷᠢᠬᠦᠨ ᠰᠤᠳᠤᠯᠤᠭᠴᠢ᠂ ᠳ᠋ᠤᠺᠲ᠋ᠤᠷᠠᠨᠲ ᠤᠨ ᠵᠢᠯᠤᠭᠤᠳᠤᠬᠴᠢ ᠰᠡᠴᠡᠨᠮᠦ᠋ᠩᠬᠡ ᠶᠠᠷᠢᠵᠤ ᠪᠠᠶᠢᠯ᠎ᠠ᠃      ᠮᠤᠩᠭᠤᠯ ᠰᠤᠳᠤᠯᠤᠯ ᠪᠤᠯ ᠤᠯᠠᠨ ᠤᠯᠤᠰ ᠤᠨ ᠴᠢᠨᠠᠷᠳᠠᠢ ᠡᠷᠳᠡᠮ ᠰᠢᠨᠵᠢᠯᠡᠭᠡᠨ ᠤ ᠰᠡᠳᠦᠪ ᠮᠦᠨ᠂ ᠡᠬᠦᠨ ᠳᠤ᠂ ᠮᠤᠩᠭᠤᠯ ᠤᠳᠬ᠎ᠠ ᠵᠤᠬᠢᠶᠠᠯ ᠪᠤᠯ ᠮᠤᠩᠭᠤᠯ ᠰᠤᠳᠤᠯᠤᠯ ᠤᠨ ᠴᠢᠬᠤᠯᠠ ᠪᠦᠷᠢᠯᠳᠦᠬᠦᠨ ᠬᠡᠰᠡᠭ ᠪᠤᠯᠤᠨ᠎ᠠ ᠃ ᠮᠠᠨ ᠤ ᠤᠯᠤᠰ ᠮᠤᠩᠭᠤᠯ ᠰᠤᠳᠤᠯᠤᠯ ᠡᠷᠳᠡᠮ ᠰᠢᠨᠵᠢᠯᠡᠭᠡᠨ ᠤ ᠰᠤᠳᠤᠯᠤᠯ᠂ ᠨᠤᠮ ᠬᠡᠪᠯᠡᠯ ᠵᠡᠷᠭᠡ ᠲᠠᠯ᠎ᠠ ᠪᠠᠷ ᠴᠦᠮ ᠪᠦᠬᠦ ᠲᠡᠯᠡᠬᠡᠢ ᠳᠤ ᠴᠢᠬᠤᠯᠠ ᠪᠠᠶᠢᠷᠢ ᠶᠢ ᠡᠵᠡᠯᠡᠵᠦ ᠪᠠᠶᠢᠨ᠎ᠠ᠃ ᠪᠠᠭᠠᠷᠢᠨ ᠪᠠᠷᠠᠭᠤᠨ ᠬᠤᠰᠢᠭᠤ ᠤᠤᠯ ᠠᠴᠠ ᠪᠠᠨ ᠲᠡᠤᠬᠡ ᠰᠤᠶᠤᠯ ᠤᠳᠬ᠎ᠠ ᠤᠷᠠᠯᠢᠭ ᠢ ᠴᠢᠩᠭ᠎ᠠ ᠠᠳᠬᠤᠵᠦ᠂ ᠮᠤᠩᠭᠤᠯ ᠰᠤᠳᠤᠯᠤᠯ ᠤᠨ ᠬᠦᠭᠵᠢᠯᠳᠡ ᠳᠤ ᠴᠢᠬᠤᠯᠠ ᠬᠤᠪᠢ ᠨᠡᠮᠡᠷᠢ ᠪᠠᠨ ᠦᠵᠡᠭᠦᠯᠦᠭᠰᠡᠭᠡᠷ ᠢᠷᠡᠪᠡ᠃ ᠲᠤᠰ ᠤᠳᠠᠭᠠᠨ ᠤ ᠪᠦᠬᠦ ᠤᠯᠤᠰ ᠤᠨ ᠴᠢᠨᠠᠷᠳᠠᠢ ᠡᠷᠳᠡᠮ ᠰᠢᠡᠵᠢᠯᠡᠭᠡᠨ ᠤ ᠬᠤᠷᠠᠯ ᠢ ᠪᠠᠭᠠᠷᠢᠨ ᠪᠠᠷᠠᠭᠤᠨ ᠬᠤᠰᠢᠭᠤᠨ ᠳᠤ ᠶᠠᠪᠤᠬᠳᠠᠭᠤᠯᠤᠬᠰᠠᠨ ᠨᠢ ᠲᠤᠰ ᠬᠤᠰᠢᠭᠤ ᠤ ᠬᠢᠨ ᠳᠤ ᠯᠤᠳᠤ ᠶᠡᠭᠡ ᠵᠤᠷᠢᠬᠵᠢᠭᠤᠯᠤᠯ ᠪᠤᠯᠬᠤ ᠨᠢ ᠲᠠᠮᠵᠢᠭ ᠦᠭᠡᠢ᠃      ᠬᠤᠷᠠᠯ ᠠᠴᠠ ᠪᠠᠰᠠ ᠰᠡᠴᠡᠨᠮᠦ᠋ᠩᠬᠡ᠂ ᠯᠢᠦ ᠴᠧᠩ᠂ ᠰᠠᠷᠠᠠᠳᠤᠶᠠᠭ᠎ᠠ᠂ ᠪᠤᠤ ᠰᠡᠴᠡᠨ᠂ ᠵᠠᠭᠠᠷ ᠨᠠᠷ ᠲᠤ ︽ᠲᠤᠮᠳᠠᠳᠤ ᠤᠯᠤᠰ ᠤᠨ ᠮᠤᠩᠭᠤᠯ ᠤᠳᠬ᠎ᠠ ᠵᠤᠬᠢᠶᠠᠯ ᠤᠨ ᠨᠡᠶᠢᠭᠡᠮᠯᠢᠭ ᠤᠨ ᠭᠠᠷᠮᠠᠭᠠᠢ ᠵᠢᠳᠬᠦᠯᠳᠡᠨ︾ ᠤ ᠢᠷᠠᠭᠤ ᠠᠯᠳᠠᠷ ᠤᠨ ᠦᠨᠡᠮᠯᠡᠯ ᠤᠯᠭᠤᠭᠰᠡᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号