ᠺᠠᠩ ᠶᠦᠩ ᠴᠢᠶᠠᠩ ᠪᠦᠬᠦ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠴᠢ ᠠᠶᠤᠯᠭᠦᠶ ᠦᠶᠯᠡᠳᠪᠦᠷᠢᠯᠡᠯ ᠤᠨ ᠠᠵᠢᠯ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-08-12
     8 ᠳ᠋ᠤᠭᠠᠷ ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠺᠠᠩ ᠶᠦᠩ ᠴᠢᠶᠠᠩ ᠪᠦᠬᠦ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠴᠢ ᠠᠶᠤᠯᠭᠦᠶ ᠦᠶᠯᠡᠳᠪᠦᠷᠢᠯᠡᠯ ᠤᠨ ᠠᠵᠢᠯ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠤᠨ ᠭᠤᠤᠯ ᠡᠭᠦᠷᠭᠡ ᠪᠣᠯ ᠣᠷᠣᠨ᠂ ᠬᠤᠲᠠ ᠬᠤᠶᠠᠷ ᠱᠠᠲᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠴᠢ ᠠᠶᠤᠯᠭᠦᠢ ᠦᠶᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠮᠠᠨ  ᠤ ᠰᠢᠶᠠᠨ ᠤ ᠣᠳᠣᠬᠠᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠪᠠ ᠠᠶᠤᠯᠭᠦᠢ ᠦᠶᠯᠡᠳᠪᠦᠷᠢᠯᠡᠯ ᠤᠨ ᠪᠠᠶᠢᠳᠠᠯ ᠢ ᠵᠠᠳᠠᠯᠵᠤ᠂ ᠳᠠᠷᠠᠭᠠᠴᠢ ᠶᠢᠨ ᠠᠯᠬᠤᠮ ᠤᠨ ᠪᠦᠬᠦ ᠰᠢᠶᠠᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠪᠠ ᠠᠶᠤᠯᠭᠦᠢ ᠦᠶᠯᠡᠳᠪᠦᠷᠢᠯᠡᠯ ᠤᠨ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠬᠤ ᠶᠠᠪᠤᠳᠠᠯ ᠪᠣᠯᠤᠨ᠎ᠠ᠃      ᠬᠤᠷᠠᠯ ᠳᠡᠭᠡᠷ᠎ᠡ᠂ ᠰᠢᠶᠠᠨ ᠤ ᠤᠰᠤᠨ ᠤ ᠶᠠᠪᠤᠳᠠᠯ ᠤᠨ ᠲᠣᠪᠴᠢᠶᠠᠨ ᠤ ᠬᠠᠷᠢᠭᠤᠴᠠᠯᠭᠠᠲᠠᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠶᠢᠨ ᠪᠠᠶᠢᠳᠠᠯ ᠢ ᠮᠡᠳᠡᠭᠳᠡᠵᠦ᠂ ᠲᠠᠷᠠᠭᠠᠴᠢ ᠶᠢᠨ ᠱᠠᠲᠤᠨ ᠤ ᠪᠦᠬᠦ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠶᠢᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠠᠶᠤᠯᠭᠦᠶ ᠦᠶᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠶᠢᠨ ᠪᠠᠶᠢᠳᠠᠯ ᠵᠢᠴᠢ ᠣᠷᠣᠨ᠂ ᠬᠤᠲᠠ᠂ ᠰᠢᠶᠠᠨ ᠭᠤᠷᠪᠠᠨ ᠱᠠᠲᠤᠨ ᠤ ᠠᠶᠤᠯᠭᠦᠢ ᠶᠢᠨ ᠶᠡᠭᠡ ᠪᠠᠶᠢᠴᠠᠭᠠᠯᠲᠠ ᠶᠢᠨ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠡᠳᠡᠭᠳᠡᠵᠦ᠂ ᠲᠠᠷᠠᠭᠠᠴᠢ ᠶᠢᠨ ᠱᠠᠲᠤᠨ ᠤ ᠠᠶᠤᠯᠭᠦᠶ ᠦᠶᠯᠡᠳᠪᠦᠷᠢᠯᠡᠯ ᠤᠨ ᠠᠵᠢᠯ  ᠶᠢᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃      ᠺᠠᠩ ᠶᠦᠩ ᠴᠢᠶᠠᠩ ᠲᠠᠷᠠᠭᠠᠴᠢ ᠶᠢᠨ ᠱᠠᠲᠤᠨ ᠤ ᠪᠦᠬᠦ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ ᠠᠶᠤᠯᠭᠦᠶ ᠦᠶᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠶ ᠴᠢᠬᠤᠯᠠᠴᠢᠯᠠᠭᠰᠠᠨ ᠨᠢ᠂ ᠨᠢᠭᠡ ᠳᠤ᠂ ᠲᠠᠶᠢᠪᠤᠰᠢᠷᠠᠬᠤ ᠰᠡᠳᠬᠢᠯᠭᠡ ᠪᠠᠨ ᠡᠷᠡᠰ ᠲᠡᠪᠴᠢᠵᠦ᠂ ᠣᠳᠣᠬᠠᠨ ᠤ ᠦᠶᠡᠷ ᠢ ᠰᠡᠷᠭᠡᠶᠢᠯᠡᠬᠦ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠭᠦᠶᠴᠡᠳ ᠲᠠᠨᠢᠵᠤ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠮᠥᠷᠲᠡᠭᠡᠨ ᠪᠠᠰᠠ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠠᠳᠬᠤᠵᠤ᠂ ᠬᠤᠶᠠᠷ ᠢ ᠬᠠᠮᠲᠤ ᠪᠠᠷᠢᠵᠤ᠂ ᠬᠤᠶᠠᠷ ᠢ ᠰᠠᠭᠠᠲᠠᠭᠠᠵᠤ ᠪᠣᠯᠬᠤ ᠦᠭᠡᠢ ᠪᠠᠶᠢᠬᠤ ᠬᠡᠷᠡᠭᠲᠡᠢ᠃ ᠬᠤᠶᠠᠷ ᠲᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠶᠤᠯᠭᠦᠶ ᠦᠶᠯᠡᠳᠪᠦᠷᠢᠯᠡᠯ ᠤᠨ ᠡᠯ᠎ᠡ ᠵᠦᠶᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠰᠡᠷᠭᠡᠶᠢᠯᠡᠬᠦ ᠪᠠᠷ ᠭᠤᠤᠯ ᠪᠣᠯᠭᠠᠭᠰᠠᠨ ᠠᠶᠤᠯᠭᠦᠶ ᠦᠶᠯᠡᠳᠪᠦᠷᠢᠯᠡᠯ ᠤᠨ ᠠᠵᠢᠯ ᠶᠢᠨ ᠣᠨᠣᠯᠵᠢᠬᠤᠨ ᠢ ᠪᠠᠲᠤ ᠪᠣᠶ ᠪᠣᠯᠭᠠᠵᠤ᠂ ᠬᠡᠮ ᠰᠣᠭᠤᠭ ᠢ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠶᠤᠯᠭᠦᠶ ᠦᠶᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠬᠤ ᠦᠭᠡᠢ ᠪᠠᠶᠬᠤ ᠪᠠᠷ ᠴᠢᠷᠮᠠᠶᠢᠬᠤ ᠬᠡᠷᠡᠭᠲᠡᠶ᠃ ᠭᠤᠷᠪᠠ ᠳᠤ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠶᠤᠯᠭᠦᠶ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠶᠴᠡᠳᠬᠡᠵᠦ᠂ ᠨᠢᠭᠲᠠ ᠬᠠᠮᠵᠢᠯᠴᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠷᠠᠳ ᠣᠯᠠᠨ  ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠵᠤ᠂ ᠰᠢᠯᠢᠳᠡᠭ ᠠᠮᠵᠢᠯᠲᠠ  ᠪᠠᠷ ᠢᠶᠠᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠤᠭᠲᠤᠬᠤ ᠬᠡᠷᠡᠭᠲᠡᠶ ᠭᠡᠵᠡᠢ᠃    ᠵᠠᠩ ᠮᠢᠨ ᠴᠦᠨ᠂ ᠵᠢᠩ ᠾᠦᠸᠧ ᠶᠤᠸᠠᠨ ᠵᠡᠷᠭᠡ ᠰᠢᠶᠠᠨ ᠤ ᠤᠳᠤᠷᠢᠳᠤᠯᠭ᠎ᠠ ᠵᠢᠴᠢ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号