ᠬᠤᠷᠢᠨᠭᠡᠷ ᠰᠢᠶᠠᠨ ᠥᠪᠡᠷᠲᠡᠭᠡᠨ ᠵᠠᠰᠠᠬᠤ ᠣᠷᠣᠨ ᠤ ᠬᠠᠮ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠪᠠᠶᠢᠷᠢᠯᠠᠭᠤᠯᠣᠯᠲᠠ ᠶᠢᠨ ᠬᠤᠷᠠᠯ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2019-08-12
     8 ᠳ᠋ᠤᠭᠠᠷ ᠰᠠᠷ᠎ᠠ ᠶᠢᠨ 8 ᠤ ᠡᠳᠦᠷ᠂ ᠰᠢᠶᠠᠨ ᠤ ᠳᠡᠳ᠋ ᠳᠠᠷᠤᠭ᠎ᠠ ᠲᠣᠶᠠᠭ᠎ᠠ ᠮᠠᠨ ᠤ ᠰᠢᠶᠠᠨ ᠤ ᠥᠪᠡᠷᠲᠡᠭᠡᠨ ᠵᠠᠰᠠᠬᠤ ᠣᠷᠣᠨ ᠤ ᠬᠠᠮ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠪᠠᠶᠢᠷᠢᠯᠠᠭᠤᠯᠣᠯᠲᠠ ᠶᠢᠨ ᠬᠤᠷᠠᠯ ᠢ ᠬᠤᠷᠠᠯᠳᠣᠭᠤᠯᠵᠣ᠂ ᠥᠪᠡᠷᠲᠡᠭᠡᠨ ᠵᠠᠰᠠᠬᠤ ᠣᠷᠣᠨ ᠤ ᠬᠠᠮ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠲᠣᠬᠢᠷᠠᠭᠤᠯᠣᠨ ᠪᠠᠶᠢᠷᠢᠯᠠᠭᠤᠯᠪᠠ᠃      ᠬᠤᠷᠠᠯ ᠳᠡᠭᠡᠷ᠎ᠡ᠂ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠠᠮ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠬᠤᠯᠪᠣᠭᠳᠠᠯ ᠪᠦᠬᠦᠢ ᠠᠵᠢᠯ ᠤᠨ ᠲᠣᠬᠠᠢ ᠬᠠᠷᠢᠭᠤ ᠮᠡᠳᠡᠭᠦᠯᠦᠯᠲᠡ ᠬᠢᠵᠦ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ ᠲᠣᠰ ᠲᠣᠰ ᠤᠨ ᠡᠭᠦᠷᠭᠡᠯᠡᠵᠦ ᠪᠠᠶᠢᠭ᠎ᠠ ᠠᠵᠢᠯ ᠤᠨ ᠬᠤᠪᠢ ᠳᠤ ᠰᠠᠨᠠᠯ ᠢᠶᠠᠨ ᠰᠣᠯᠢᠯᠴᠠᠨ ᠶᠠᠷᠢᠯᠴᠠᠭ᠎ᠠ ᠬᠢᠪᠡ ᠃ ᠬᠤᠷᠠᠯ ᠠᠴᠠ ᠥᠪᠥᠷ ᠮᠣᠩᠭᠤᠯ ᠤᠨ ᠶᠡᠭᠡ ᠰᠣᠷᠭᠠᠭᠤᠯᠢ ᠶᠢᠨ ᠵᠢᠭᠤᠯᠴᠢᠯᠠᠯ ᠤᠨ ᠬᠦᠷᠢᠶᠡᠯᠡᠩ ᠤᠨ ᠬᠦᠷᠢᠶᠡᠯᠡᠩ ᠤᠨ ᠳᠠᠷᠤᠭ᠎ᠠ ᠬᠠᠨ ᠳ᠋ᠦᠩ ᠫᠷᠣᠹᠧᠰᠰᠣᠷ ᠢ ᠤᠷᠢᠵᠤ ᠬᠠᠮ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠬᠤᠯᠪᠣᠭᠳᠠᠯ ᠪᠦᠬᠦᠢ ᠠᠰᠠᠭᠤᠳᠠᠯ ᠤᠨ ᠲᠣᠬᠠᠢ ᠲᠠᠶᠢᠯᠣᠮᠵᠢ ᠬᠢᠯᠭᠡᠪᠡ᠃      ᠲᠣᠶᠠᠭ᠎ᠠ ᠵᠢᠭᠠᠵᠣ ᠭᠠᠷᠭᠠᠭᠰᠠᠨ ᠨᠢ᠂ ᠨᠢᠭᠡ ᠳᠤ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ ᠵᠠᠪᠠᠯ ᠦᠵᠡᠯ ᠰᠠᠨᠠᠭ᠎ᠠ ᠪᠠᠨ ᠨᠢᠭᠡᠲᠦᠯᠵᠢᠭᠦᠯᠵᠦ᠂ ᠲᠣᠰ ᠲᠣᠰ ᠤᠨ ᠡᠭᠦᠷᠭᠡ ᠬᠠᠷᠢᠭᠤᠴᠯᠠᠭ᠎ᠠ ᠪᠠᠨ ᠲᠣᠳᠣᠷᠬᠠᠶᠢᠯᠠᠵᠣ᠂ ᠢᠳᠡᠪᠬᠢᠲᠡᠢ ᠠᠵᠢᠯ ᠤᠨ ᠣᠪᠣᠷ ᠢᠶᠠᠷ ᠡᠷᠲᠡᠬᠡᠨ ᠨᠢᠭᠡ ᠡᠳᠦᠷ ᠥᠪᠡᠷᠲᠡᠭᠡᠨ ᠵᠠᠰᠠᠬᠤ ᠣᠷᠣᠨ ᠤ ᠳᠡᠰ ᠤᠨ ᠬᠠᠮ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠣᠯᠬᠤ ᠪᠠᠷ ᠴᠢᠷᠮᠠᠶᠢᠬᠤ ᠬᠡᠷᠡᠭᠲᠡᠢ︔ ᠬᠤᠶᠠᠷ ᠲᠤ᠂ ᠡᠭᠦᠷᠭᠡ ᠶᠢᠨ ᠲᠣᠳᠣᠷᠬᠠᠢ ᠬᠠᠭᠤᠲᠠᠰᠣ ᠲᠠᠢ ᠰᠠᠨᠠᠭᠠᠴᠢᠯᠠᠭ᠎ᠠ ᠠᠴᠠ ᠪᠠᠨ ᠬᠠᠷᠭᠤᠭᠤᠯᠣᠨ᠂ ᠬᠤᠯᠪᠣᠭᠳᠠᠯ ᠪᠦᠬᠦᠢ ᠡᠭᠦᠷᠭᠡ ᠶᠢ ᠲᠡᠷᠡ ᠶᠣᠰᠣᠭᠠᠷ ᠨᠢ ᠪᠡᠶᠡᠯᠡᠭᠦᠯᠵᠦ᠂ ᠠᠷᠭ᠎ᠠ ᠠᠪᠴᠠᠯ ᠢᠶᠠᠨ ᠤᠯᠠᠮ ᠨᠢᠭᠡ ᠠᠯᠬᠤᠮ ᠴᠢᠩᠭᠠᠳᠬᠠᠵᠣ᠂ ᠢᠳᠡᠪᠬᠢᠲᠡᠢ ᠰᠠᠨᠠᠯ ᠢᠶᠠᠨ ᠰᠣᠯᠢᠯᠴᠠᠵᠣ᠂ ᠡᠯ᠎ᠡ ᠲᠠᠯ᠎ᠠ ᠶᠢᠨ ᠠᠵᠢᠯ ᠢ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠵᠡᠢ᠃      ᠲᠣᠶᠠᠭ᠎ᠠ ᠴᠢᠩᠭᠠᠳᠬᠠᠭᠰᠠᠨ ᠨᠢ᠂ ᠬᠠᠮ ᠵᠢᠭᠤᠯᠴᠢᠯᠠᠯ ᠢ ᠬᠦᠭᠵᠢᠭᠦᠯᠬᠦ ᠨᠢ ᠵᠢᠭᠤᠯᠴᠢᠯᠠᠯ ᠤᠨ ᠦᠢᠯᠡᠰ ᠢ ᠬᠡᠯᠪᠡᠷᠢ ᠶᠢ ᠨᠢ ᠬᠤᠪᠢᠷᠠᠭᠤᠯᠣᠨ ᠳᠡᠰ ᠳᠡᠪᠰᠢᠭᠦᠯᠬᠦ ᠪᠠ ᠦᠷᠭᠦᠯᠵᠢᠯᠡᠬᠦᠶᠢᠴᠡ ᠬᠦᠭᠵᠢᠯᠲᠡ ᠶᠢᠨ ᠵᠠᠪᠠᠯ ᠰᠣᠩᠭᠤᠬᠤ ᠵᠠᠮ ᠮᠦᠨ᠂ ᠬᠤᠷᠢᠨᠭᠡᠷ ᠰᠢᠶᠠᠨ ᠤ ᠬᠠᠮ ᠵᠢᠭᠤᠯᠴᠢᠯᠠᠯ ᠤᠨ ᠬᠦᠭᠵᠢᠯᠲᠡ ᠢᠷᠮᠡᠭᠦᠨ ᠬᠠᠨᠳᠣᠰᠢ ᠲᠠᠢ᠂ ᠢᠷᠡᠭᠡᠳᠦᠢ ᠰᠠᠶᠢᠲᠠᠢ ᠪᠠᠶᠢᠭ᠎ᠠ ᠶᠣᠮ᠂ ᠭᠡᠪᠡᠴᠦ ᠬᠠᠮ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠡᠭᠦᠷᠭᠡ ᠬᠦᠨᠳᠦ᠂ ᠠᠵᠢᠯ ᠣᠯᠠᠨ᠂ ᠪᠦᠬᠦ ᠰᠢᠶᠠᠨ ᠤ ᠡᠯ᠎ᠡ ᠰᠠᠯᠠᠭ᠎ᠠ ᠮᠦᠴᠢᠷ ᠬᠠᠮᠲᠣᠷᠠᠯᠴᠠᠵᠣ᠂ ᠤᠯᠠᠨ ᠰᠢᠰᠲ᠋ᠧᠮ ᠬᠠᠮᠲᠣ ᠪᠠᠷ ᠬᠦᠳᠡᠯᠦᠯᠴᠡᠵᠦ᠂ ᠤᠯᠠᠨ ᠠᠵᠢᠯ ᠲᠦᠷᠥᠯ ᠬᠠᠷᠢᠯᠴᠠᠨ ᠬᠠᠮᠵᠢᠯᠴᠠᠵᠣ᠂ ᠬᠠᠮᠲᠣ ᠶᠢᠨ ᠬᠦᠴᠦᠨ ᠢ ᠪᠦᠷᠢᠯᠳᠦᠭᠦᠯᠵᠦ᠂ ᠡᠯ᠎ᠡ ᠬᠤᠯᠪᠣᠭᠳᠠᠯ ᠪᠦᠬᠦᠢ ᠨᠢᠭᠡᠴᠡ ᠡᠯ᠎ᠡ ᠡᠭᠦᠳᠦᠨ ᠪᠠᠶᠢᠭᠤᠯᠬᠤ ᠡᠭᠦᠷᠭᠡ ᠶᠢ ᠵᠠᠪᠠᠯ ᠪᠦᠬᠦᠨ ᠢ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠣ᠂ ᠠᠵᠣ ᠲᠣᠬᠢᠶᠠᠯ ᠢ ᠠᠳᠬᠤᠨ᠂ ᠪᠠᠶᠢᠳᠠᠯ ᠢ ᠦᠵᠡᠨ ᠠᠵᠢᠯ ᠬᠢᠵᠦ᠂ ᠬᠠᠮ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠯᠤᠲᠤ ᠶᠡᠭᠡ ᠬᠠᠮᠲᠣᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号