ᠥᠪᠥᠷ ᠮᠣᠩᠭᠤᠯ᠄ ᠨᠤᠲᠤᠭ ᠪᠡᠯᠴᠢᠭᠡᠷ ᠢ ᠳᠤᠷ᠎ᠠ ᠪᠠᠷ ᠢᠶᠠᠨ ᠲᠠᠯᠬᠢᠳᠠᠪᠠᠯ ᠭᠤᠷᠪᠠᠨ ᠲᠠᠬᠢᠨ ᠠᠴᠠ ᠳᠡᠭᠡᠭᠰᠢ ᠶᠢᠰᠦᠨ ᠲᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ
ᠨᠡᠶᠢᠲᠡᠯᠡᠭᠰᠡᠨ ᠴᠠᠭ᠄
2019-08-12
      ᠰᠢᠨᠬᠤᠸᠠ ᠬᠤᠷᠢᠶᠠᠨ ᠤ ᠬᠥᠬᠡᠬᠤᠲᠠ ᠶᠢᠨ 8 ᠰᠠᠷ᠎ᠠ ᠶᠢᠨ 9 ᠤ ᠡᠳᠦᠷ   ᠤᠨ  ᠮᠡᠳᠡᠭᠡ  ︵ᠰᠤᠷᠪᠤᠯᠵᠢᠯᠠᠭᠴᠢ  ᠸᠠᠩ‌ᠵᠢᠩ︶ ᠣᠶᠢᠷ᠎ᠠ ᠳᠤ᠂ ᠥᠪᠥᠷ ᠮᠣᠩᠭᠤᠯ ᠤᠨ ᠰᠢᠯᠢ ᠶᠢᠨ ᠭᠤᠤᠯ ᠤᠨ ᠲᠠᠯ᠎ᠠ ᠨᠤᠲᠤᠭ ᠲᠤ  ᠬᠡᠭᠡᠷᠡᠯᠡᠭᠴᠢ  ᠮᠠᠰᠢᠨ  ᠲᠡᠷᠭᠡᠨ   ᠤ ᠠᠩᠭᠢ ᠶᠢᠨ ᠨᠤᠲᠤᠭ ᠪᠡᠯᠴᠢᠭᠡᠷ ᠢ ᠭᠠᠯᠵᠠᠭᠤᠷᠠᠭᠰᠠᠨ ᠮᠡᠲᠦ ᠲᠠᠯᠭᠢᠳᠠᠭᠰᠠᠨ ᠬᠡᠷᠡᠭ ᠨᠢ  ᠨᠡᠶᠢᠭᠡᠮ  ᠨᠡᠶᠢᠲᠡ   ᠶᠢᠨ  ᠠᠩᠬᠠᠷᠤᠯ  ᠢ‌‍ᠶᠡᠬᠡᠳᠡ ᠲᠠᠲᠠᠪᠠ᠃ ᠲᠣᠰ ᠬᠡᠷᠡᠭ ᠲᠤ ᠴᠢᠭᠯᠡᠭᠦᠯᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠣᠢ  ᠰᠢᠭᠤᠶ‌‍ᠪᠠ ᠨᠤᠲᠤᠭ ᠪᠡᠯᠴᠢᠭᠡᠷ ᠤᠨ ᠲᠣᠪᠴᠢᠶ᠎ᠠ 8 ᠤ ᠡᠳᠦᠷ᠂ ᠪᠥᠬᠦ ᠨᠡᠶᠢᠭᠡᠮ ᠢᠶᠠᠷ ᠢᠶᠠᠨ᠂  ᠪᠣᠯᠪᠠᠰᠤᠨ   ᠢᠶᠠᠷ  ᠵᠤᠭᠠᠴᠠᠨ᠂  ᠨᠤᠲᠤᠭ‌‍ᠪᠡᠯᠴᠢᠭᠡᠷ ᠢ ᠬᠠᠮᠲᠤ ᠪᠠᠷ ᠬᠠᠮᠠᠭᠠᠯᠠᠬᠤ ᠶᠢ ᠤᠷᠢᠶᠠᠯᠠᠬᠤ ᠶᠢᠨ ᠬᠠᠮᠲᠤ᠂ ᠨᠤᠲᠤᠭ ᠪᠡᠯᠴᠢᠭᠡᠷ ᠢ ᠳᠤᠷ᠎ᠠ ᠪᠠᠷ ᠢᠶᠠᠨ ᠲᠠᠯᠬᠢᠳᠠᠬᠤ ᠪᠣᠯ‌ᠬᠠᠤᠯᠢ ᠠᠴᠠ ᠵᠥᠷᠢᠴᠡᠭᠰᠡᠨ ᠠᠵᠢᠯᠯᠠᠭ᠎ᠠ ᠮᠥᠨ᠂ ᠡᠶᠢᠮᠦᠷᠬᠦᠦ ᠠᠵᠢᠯᠯᠠᠭ᠎ᠠ ᠶᠢ ᠭᠤᠷᠪᠠᠨ ᠲᠠᠬᠢᠨ ᠠᠴᠠ ᠳᠡᠭᠡᠭᠰᠢ ᠶᠢᠰᠦᠨ  ᠲᠠᠬᠢᠨ‌ᠡᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ ᠭᠡᠵᠡᠶ᠃              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ  ᠵᠢᠨ‌ᠨᠤᠲᠤᠭ ᠪᠡᠯᠴᠢᠭᠡᠷ ᠲᠤ ᠬᠢᠨᠠᠯᠲᠠ ᠲᠠᠯᠪᠢᠬᠤ ᠭᠠᠵᠠᠷ ᠤᠨ ᠳᠠᠷᠤᠭ᠎ᠠ ᠸᠠᠩ ᠵᠢᠶᠠᠨ ᠢᠯᠡᠷᠬᠡᠶᠢᠯᠡᠬᠦ  ᠳᠡᠭᠡᠨ᠂ ᠰᠢᠯᠢ ᠶᠢᠨ ᠭᠤᠤᠯ  ‍ᠤᠨ‌ᠨᠤᠲᠤᠭ ᠪᠡᠯᠴᠢᠭᠡᠷ ᠨᠢ ᠬᠡᠭᠡᠷᠡᠯᠡᠭᠴᠢ ᠮᠠᠰᠢᠨ ᠲᠡᠷᠭᠡᠨ ᠤ  ᠠᠩᠭᠢ   ᠶᠢᠨ   ᠬᠢᠨ   ᠤ  ᠭᠠᠯᠵᠠᠭᠤᠷᠠᠭᠰᠠᠨ  ᠮᠡᠲᠦ  ᠲᠠᠯᠬᠢᠭᠳᠠᠯ ᠳ᠋ᠤ᠋‌ᠤᠴᠠᠷᠠᠭᠰᠠᠨ ᠬᠡᠷᠡᠭ ᠤᠨ ᠰᠢᠨᠵᠢ ᠴᠢᠨᠠᠷ ᠨᠢ ᠲᠦᠢᠯ ᠤᠨ ᠮᠠᠭᠤ᠂ ᠨᠤᠲᠤᠭ ᠪᠡᠯᠴᠢᠭᠡᠷ ᠲᠤ ᠬᠢᠨᠠᠯᠲᠠ ᠲᠠᠯᠪᠢᠬᠤ ᠭᠠᠵᠠᠷ  ᠨᠢᠭᠡᠨᠲᠡ‌‍ᠲ᠋ᠣᠰ ᠬᠡᠷᠡᠭ ᠢ ᠠᠩᠬᠠᠷᠴᠤ᠂ ᠤᠳᠤ ᠶᠠᠭ ᠰᠠᠶᠢᠬᠠᠨ ᠰᠢᠯᠢ ᠶᠢᠨ ᠭᠤᠤᠯ ᠠᠶᠢᠮᠠᠭ ᠤᠨ  ᠲᠤᠯᠤᠨ  ᠨᠠᠭᠤᠷ  ᠰᠢᠶᠠᠨ   ᠤ  ᠨᠤᠲᠤᠭ‌‍ᠪᠡᠯᠴᠢᠭᠡᠷ ᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠬᠠᠮᠵᠢᠨ ᠪᠠᠶᠢᠴᠠᠭᠠᠯᠲᠠ ᠬᠢᠵᠦ ᠪᠠᠶᠢᠨ᠎ᠠ᠂ ᠤᠳᠤ  ᠨᠢᠭᠡᠨᠲᠡ  ᠵᠣᠬᠢᠬᠤ‌ᠠᠬᠢᠯᠲᠠ ᠲᠠᠢ ᠪᠣᠯᠵᠤ᠂ ᠪᠣᠳᠠᠲᠤ ᠬᠡᠷᠡᠭ ᠢ ᠪᠠᠶᠢᠴᠠᠭᠠᠨ ᠲᠣᠳᠣᠯᠠᠭᠰᠠᠨ ᠤ ᠳᠠᠷᠠᠭ᠎ᠠ ᠴᠢᠩᠭ᠎ᠠ ᠰᠢᠢᠳᠬᠡᠬᠦ ᠪᠣᠯᠤᠨ᠎ᠠ ᠭᠡᠵᠡᠶ᠃              ᠵᠤᠨ ᠤ ᠤᠯᠠᠷᠢᠯ ᠪᠣᠯ ᠥᠪᠥᠷ ᠮᠣᠩᠭᠤᠯ ᠤᠨ ᠵᠢᠭᠤᠯᠴᠢᠯᠠᠯ ᠤᠨ ᠬᠦᠭᠵᠢᠶᠡᠨ ᠲᠠᠢ ᠤᠯᠠᠷᠢᠯ ᠪᠣᠯᠤᠨ᠎ᠠ᠃ ᠣᠶᠢᠷ᠎ᠠ ᠵᠢᠨ‌ᠵᠢᠯ ᠳᠤ᠂ ᠥᠪᠡᠷᠲᠡᠭᠡᠨ ᠲᠡᠷᠭᠡ ᠵᠢᠯᠣᠭᠤᠳᠤᠨ ᠲᠠᠯ᠎ᠠ ᠨᠤᠲᠤᠭ ᠢᠶᠠᠷ  ᠵᠤᠭᠠᠴᠠᠬᠤ  ᠬᠦᠭᠵᠢᠶᠡᠨ   ᠲᠠᠢ  ᠪᠣᠯᠬᠤ ᠶᠢ  ᠳᠠᠭᠠᠯᠳᠤᠨ᠂ᠨᠤᠲᠤᠭ ᠪᠡᠯᠴᠢᠭᠡᠷ ᠢ ᠳᠤᠷ᠎ᠠ ᠪᠠᠷ ᠢᠶᠠᠨ ᠲᠠᠯᠬᠢᠳᠠᠭᠰᠠᠨ ᠬᠡᠷᠡᠭ ᠪᠠᠶᠢᠨ ᠳᠠᠬᠢᠨ ᠡᠭᠦᠰᠴᠦ᠂ ᠨᠤᠲᠤᠭ ᠪᠡᠯᠴᠢᠭᠡᠷ ᠤᠨ ᠠᠮᠢ  ᠠᠬᠤᠢ‌‍ᠶᠢᠨ ᠣᠷᠴᠢᠨ ᠲᠣᠭᠤᠷᠢᠨ ᠢ ᠡᠪᠳᠡᠭᠰᠡᠨ ᠢᠶᠠᠷ ᠪᠠᠷᠠᠬᠤ ᠦᠭᠡᠢ᠂ ᠮᠠᠯᠴᠢᠳ ᠤᠨ ᠦᠶᠯᠡᠳᠪᠦᠷᠢᠯᠡᠯ ᠤᠨ ᠠᠵᠢᠯᠯᠠᠭ᠎ᠠ ᠳᠤ ᠬᠤᠬᠢᠷᠠᠯ‌ᠤᠴᠠᠷᠠᠭᠤᠯᠤᠭᠰᠠᠨ ᠪᠠᠶᠢᠨ᠎ᠠ᠃ ᠸᠠᠩ ᠵᠢᠶᠠᠨ ᠰᠠᠨᠠᠭᠤᠯᠬᠤ  ᠳᠠᠭᠠᠨ᠄︽ᠪᠥᠬᠦᠳᠡ ᠨᠠᠶᠢᠷᠠᠮᠳᠠᠬᠤ  ᠳᠤᠮᠳᠠᠳᠤ  ᠠᠷᠠᠳ  ᠤᠯᠤᠰ ‍ᠤᠨ‌ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ   ᠤᠨ  ᠥᠪᠡᠷᠲᠡᠭᠡᠨ  ᠵᠠᠰᠠᠬᠤ  ᠣᠷᠣᠨ   ᠤ  ᠦᠨᠳᠦᠰᠦᠨ  ᠨᠤᠲᠤᠭ‌‍ᠪᠡᠯᠴᠢᠭᠡᠷ ᠢ ᠬᠠᠮᠠᠭᠠᠯᠠᠬᠤ ᠳᠦᠷᠢᠮ︾  ᠳᠤ ᠴᠥᠮ ᠨᠤᠲᠤᠭ ᠪᠡᠯᠴᠢᠭᠡᠷ ᠢ ᠳᠤᠷ᠎ᠠ ᠲᠠᠪᠠ ᠪᠠᠷ ᠢᠶᠠᠨ ᠲᠠᠯᠬᠢᠳᠠᠬᠤ ᠪᠣᠯ ᠬᠠᠤᠯᠢ ᠡᠴᠠ‌ᠵᠥ᠋ᠷᠢᠴᠡᠭᠰᠡᠨ ᠠᠵᠢᠯᠯᠠᠭ᠎ᠠ ᠮᠥᠨ ᠭᠡᠵᠦ ᠲᠣᠳᠣᠷᠬᠠᠢ ᠲᠣᠭᠲᠠᠭᠠᠭᠰᠠᠨ ᠪᠣᠯᠬᠤᠷ ᠬᠠᠥᠯᠢ ᠳᠦᠷᠢᠮ ᠢ ᠵᠦᠷᠢᠴᠡᠭᠰᠡᠨ ᠠᠵᠢᠯᠯᠠᠭ᠎ᠠ ᠳ᠋ᠤ᠋‌‍ᠴᠢᠩᠭ᠎ᠠ ᠰᠢᠳᠭᠡᠯ ᠥᠭᠭᠦᠨ᠎ᠡ ᠭᠡᠵᠡᠢ᠃              ᠸᠠᠩ ᠵᠢᠶᠠᠨ ᠲᠠᠨᠢᠯᠴᠠᠭᠤᠯᠬᠤ ᠳᠠᠭᠠᠨ᠂ ︽ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ  ᠪᠡᠯᠴᠢᠭᠡᠷ‌‍ᠦᠨ ᠬᠠᠤᠯᠢ︾ ᠶᠢᠨ ᠲᠠᠪᠢᠨ ᠲᠠᠪᠤᠳᠤᠭᠠᠷ ᠵᠦᠶᠯ ᠳᠤ᠂ ᠠᠶᠤᠯ ᠭᠠᠮᠰᠢᠭ ᠠᠴᠠ ᠠᠪᠤᠷᠠᠬᠤ ᠪᠠ ᠮᠠᠯᠴᠢᠳ ᠨᠡᠭᠦᠬᠦ ᠮᠠᠰᠢᠨᠲᠤ ᠲᠡᠷᠭᠡ‌‍ᠶᠢ ᠭᠠᠷᠭᠠᠪᠠᠯ᠂ ᠮᠠᠰᠢᠨᠲᠤ ᠲᠡᠷᠭᠡ ᠵᠠᠮ ᠠᠴᠠ ᠭᠠᠷᠴᠤ ᠨᠤᠲᠤᠭ ᠪᠡᠯᠴᠢᠭᠡᠷ ᠳᠡᠭᠡᠷ᠎ᠡ ᠶᠠᠪᠤᠬᠤ᠂ ᠨᠤᠲᠤᠭ ᠪᠡᠯᠴᠢᠭᠡᠷ ᠤᠨ  ᠤᠷᠭᠤᠮᠠᠯ‌‍ᠪᠦ᠋ᠷᠬᠦᠴᠡ ᠶᠢ ᠡᠪᠳᠡᠬᠦ ᠶᠢ ᠡᠷᠡᠰ ᠬᠤᠷᠢᠭᠯᠠᠨ᠎ᠠ︔ ᠭᠠᠵᠠᠷ ᠰᠢᠨᠵᠢᠯᠡᠭᠡᠨ ᠤ ᠬᠠᠶᠢᠨ  ᠰᠢᠨᠵᠢᠯᠡᠯᠲᠡ᠂  ᠰᠢᠨᠵᠢᠯᠡᠬᠦ  ᠤᠬᠠᠭᠠᠨ  ‍ᠤ‌‍ᠰᠢᠨᠵᠢᠯᠡᠨ ᠪᠠᠶᠢᠴᠠᠭᠠᠯᠲᠠ ᠵᠡᠷᠭᠡ ᠠᠵᠢᠯᠯᠠᠭ᠎ᠠ ᠬᠢᠬᠦ ᠱᠠᠭᠠᠷᠲᠠᠯᠭ᠎ᠠ  ᠠᠴᠠ ᠪᠣᠯᠵᠤ ᠦᠨᠡᠬᠡᠷ ᠵᠠᠮ ᠠᠴᠠ ᠰᠠᠯᠵᠤ ᠨᠤᠲᠤᠭ  ᠪᠡᠯᠴᠢᠭᠡᠷ‌‍ᠲ᠋ᠡᠭᠡᠷ᠎ᠡ ᠶᠠᠪᠤᠬᠤ ᠴᠢᠬᠤᠯᠠᠲᠠᠶ ᠪᠠᠶᠢᠪᠠᠯ᠂ ᠲᠤᠬᠠᠢ ᠶᠢᠨ ᠭᠠᠵᠠᠷ ᠤᠨ ᠢᠶᠠᠨ ᠰᠢᠶᠠᠨ   ᠤ  ᠱᠠᠲᠤᠨ   ᠤ  ᠠᠷᠠᠳ   ᠤᠨ  ᠵᠠᠰᠠᠭ ‍ᠤᠨ‌ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠶᠠᠪᠤᠬᠤ ᠣᠷᠣᠨ  ᠪᠦᠰᠡ‌‍ᠪᠠ ᠶᠠᠪᠤᠬᠤ ᠵᠠᠮ ᠱᠤᠭᠤᠮ ᠢᠶᠠᠨ ᠤᠷᠢᠳᠠᠪᠠᠷ ᠮᠡᠳᠡᠭᠦᠯᠬᠦ ᠶᠢᠨ ᠬᠠᠮᠲᠤ ᠮᠡᠳᠡᠭᠦᠯᠦᠭᠰᠡᠨ ᠶᠠᠪᠤᠬᠤ ᠣᠷᠣᠨ ᠪᠦᠰᠡ ᠪᠠ ᠵᠠᠮ ᠱᠤᠭᠤᠮ‌‍ᠢᠶ᠋ᠠᠷ ᠨᠤᠲᠤᠭ ᠪᠡᠯᠴᠢᠭᠡᠷ ᠳᠡᠭᠡᠷ᠎ᠡ ᠶᠠᠪᠤᠬᠤ ᠬᠡᠷᠡᠭᠲᠡᠶ᠃              ︽ᠳᠡᠭᠡᠷ᠎ᠡ ᠳᠤᠷᠠᠳᠤᠭᠰᠠᠨ ᠲᠣᠭᠲᠠᠭᠠᠯ ᠢ ᠵᠥᠷᠢᠴᠡᠵᠦ᠂ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢ ᠡᠪᠳᠡᠭᠰᠡᠨ‌‍ᠪᠠᠶᠢᠪᠠᠯ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ   ᠤ  ᠡᠷᠬᠢᠯᠡᠨ‌ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ  ᠵᠠᠷᠯᠢᠭᠳᠠᠨ  ᠵᠣᠭᠰᠣᠭᠠᠵᠤ᠂  ᠬᠤᠭᠤᠴᠠᠭ᠎ᠠ‌‍ᠲ᠋ᠣᠭᠲᠠᠭᠠᠨ ᠤᠷᠭᠤᠮᠠᠯ ᠬᠤᠴᠢᠯᠭ᠎ᠠ ᠶᠢ ᠰᠡᠷᠭᠦᠭᠡᠯᠭᠡᠬᠦ ᠪᠥᠭᠡᠳ ᠨᠤᠲᠤᠭ ᠪᠡᠯᠴᠢᠭᠡᠷ ᠤᠨ ᠡᠪᠳᠡᠭᠳᠡᠬᠦ ᠠᠴᠠ ᠡᠮᠦᠨᠡᠬᠢ ᠭᠤᠷᠪᠠᠨ ᠵᠢᠯ‌‍ᠦᠨ ᠳᠤᠮᠳᠠᠴᠢ ᠦᠶᠯᠡᠳᠪᠦᠷᠢᠯᠡᠯ ᠤᠨ ᠥᠷᠲᠡᠭ ᠤᠨ ᠭᠤᠷᠪᠠᠨ ᠲᠠᠬᠢᠨ ᠠᠴᠠ  ᠳᠡᠭᠡᠭᠰᠢ  ᠶᠢᠰᠦᠨ  ᠲᠠᠬᠢᠨ   ᠠᠴᠠ  ᠳᠣᠭᠤᠭᠰᠢ‌ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠵᠦ ᠪᠣᠯᠤᠨ᠎ᠠ ; ᠨᠤᠲᠤᠭ ᠪᠡᠯᠴᠢᠭᠡᠷ ᠤᠨ ᠥᠮᠴᠢᠯᠡᠭᠴᠢ  ᠪᠤᠶᠤ  ᠬᠡᠷᠡᠭᠯᠡᠭᠴᠢ‌‍ᠳᠦ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ︾ ᠭᠡᠵᠦ  ᠸᠠᠩ  ᠵᠢᠶᠠᠨ‌‍ᠬᠡᠯᠡᠪᠡ᠃              ᠨᠤᠲᠤᠭ ᠪᠡᠯᠴᠢᠭᠡᠷ ᠪᠣᠯ ᠥᠪᠥᠷ ᠮᠣᠩᠭᠤᠯ ᠤᠨ ᠠᠮᠢ ᠠᠬᠤᠢ ᠶᠢᠨ ᠰᠢᠰᠲ᠋ᠧᠮ ᠤᠨ ᠴᠢᠬᠤᠯᠠ  ᠪᠦᠷᠢᠯᠳᠦᠬᠦᠨ  ᠬᠡᠰᠡᠭ‌ᠮᠥ᠋ᠨ᠃ ᠨᠤᠲᠤᠭ ᠪᠡᠯᠴᠢᠭᠡᠷ ᠢ ᠬᠠᠮᠠᠭᠠᠯᠠᠬᠤ ᠨᠢ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂  ᠠᠮᠢᠳᠤ  ᠪᠣᠳᠠᠰ‌‍ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠣᠳᠣ ᠦᠶ᠎ᠡ ᠶᠢᠨ ᠮᠠᠯ ᠠᠵᠤ ᠠᠬᠤᠶ ᠶᠢ ᠬᠥᠭᠵᠢᠭᠦᠯᠬᠦ᠂ ᠠᠵᠤ ᠠᠬᠤᠶ ᠪᠣᠯᠤᠨ‌ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠳᠤ ᠠᠰᠢᠭᠲᠠᠢ ᠶᠤᠮ᠃ ᠪᠦᠬᠦ ᠨᠡᠶᠢᠭᠡᠮ ᠢᠶᠠᠷ   ᠢᠶᠠᠨ  ᠬᠥᠳᠡᠯᠦᠯᠴᠡᠵᠦ᠂ᠪᠣᠯᠪᠠᠰᠤᠨ ᠢᠶᠠᠷ ᠵᠤᠭᠠᠴᠠᠵᠤ᠂ ᠥᠪᠥᠷ ᠮᠣᠩᠭᠤᠯ ᠤᠨ ᠲᠠᠯ᠎ᠠ ᠨᠤᠲᠤᠭ  ᠢ ᠬᠠᠮᠲᠤᠪᠠᠷ ᠬᠠᠮᠠᠭᠠᠯᠠᠬᠤ ᠬᠡᠷᠡᠭᠲᠡᠶ ᠭᠡᠵᠦ  ᠸᠠᠩ  ᠵᠢᠶᠠᠨ‌‍ᠬᠦ᠋ᠰᠡᠨ ᠤᠷᠢᠶᠠᠯᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号