8 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠠᠩ ᠯᠢᠨ ᠯᠢᠨ ᠳᠤᠭᠤᠶᠢᠯᠠᠩ ᠳᠠᠭᠠᠭᠤᠯᠤᠨ ᠳ᠋ᠠ ᠵᠦᠩ | ᠢᠯᠴᠢ ᠶᠢᠨ ᠬᠦᠴᠦᠨ ᠤ ᠺᠣᠮᠫᠠᠨᠢ ᠳᠤ ᠭᠦᠨᠵᠡᠭᠡᠶᠢᠷᠡᠵᠦ ᠴᠧᠩ ᠭᠤᠸᠠᠨ ᠪᠠᠯᠭᠠᠰᠤᠨ ᠤ ᠲᠦᠪᠯᠡᠷᠡᠭᠦᠯᠦᠨ ᠢᠯᠴᠢ | ᠬᠠᠩᠭᠠᠬᠤ ᠶᠡᠷᠦᠩᠬᠡᠶᠢᠯᠡᠭᠰᠡᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ | ᠲᠤᠬᠠᠶ ᠶᠢᠨ ᠲᠠᠯᠠᠪᠠᠢ ᠳᠤ ᠠᠶᠤᠯᠭᠦᠶ ᠦᠢᠯᠡᠳᠪᠦᠷᠢᠯᠡᠯ ᠤᠨ ᠠᠵᠢᠯ ᠢ ᠰᠢᠮᠳᠠᠭᠤᠯᠣᠨ ᠪᠠᠶᠢᠴᠠᠭᠠᠭᠰᠠᠨ ᠪᠥᠭᠡᠳ | ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠲᠣᠭᠠᠴᠢᠯᠠᠭᠰᠠᠨ ᠬᠢᠨᠠᠨ ᠡᠵᠡᠮᠳᠡᠬᠦ ᠲᠠᠪᠴᠠᠩ ᠤᠨ | ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠰᠢᠶᠠᠨ ᠤ ᠵᠠᠰᠠᠭ ᠤᠨ ᠣᠷᠳᠣᠨ ᠤ | ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠭᠡ | ᠠᠩᠭᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠳ ᠪᠠᠷ᠎ᠠ ᠪᠣᠯᠵᠤ ᠪᠠᠶᠢᠴᠠᠭᠠᠯᠲᠠ ᠬᠢᠪᠡ᠃ | ᠪᠠᠶᠢᠴᠠᠭᠠᠬᠤ ᠳᠣᠭᠤᠶᠢᠯᠠᠩ ᠤᠨ ᠬᠢᠨ ᠡᠩ ᠲᠡᠷᠢᠭᠦᠨ ᠳᠤ ᠳ᠋ᠠ ᠵᠦᠩ ᠢᠯᠴᠢ ᠶᠢᠨ ᠬᠦᠴᠦᠨ ᠤ | ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠴᠧᠩ ᠭᠤᠸᠠᠨ ᠪᠠᠯᠭᠠᠰᠤ ᠶᠢᠨ ᠲᠥᠪᠯᠡᠷᠡᠭᠦᠯᠦᠨ ᠢᠯᠴᠢ | ᠬᠠᠩᠭᠠᠬᠤ ᠶᠡᠷᠦᠩᠬᠡᠶᠢᠯᠡᠭᠰᠡᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ ᠨᠠᠷᠢᠨ | ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭ᠎ᠠ ᠨᠢ ᠪᠠᠷᠢᠯᠭ᠎ᠠ ᠶᠢᠨ ᠲᠤᠬᠠᠶ ᠶᠢᠨ | ᠲᠠᠯᠠᠪᠠᠢ ᠳᠤ ᠪᠠᠷᠢᠯᠭ᠎ᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠪᠠᠷᠢᠯᠭ᠎ᠠ ᠶᠢᠨ ᠠᠵᠢᠯ ᠤᠨ | ᠣᠳᠣᠬᠠᠨ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ ᠨᠠᠷᠢᠨ ᠠᠰᠠᠭᠤᠨ ᠯᠠᠪᠯᠠᠵᠠᠶ᠃ | ᠵᠠᠩ ᠯᠢᠨ ᠯᠢᠨ ᠱᠠᠭᠠᠷᠳᠠᠭᠰᠠᠨ ᠨᠢ᠂ ᠨᠢᠭᠡ ᠳᠤ᠂ ᠬᠠᠮᠢᠶ᠎ᠠ ᠪᠦᠬᠦᠢ ᠰᠠᠯᠠᠭ᠎ᠠ ᠮᠥᠴᠢᠷ ᠬᠤᠭᠤᠷᠣᠨᠳᠣ ᠪᠠᠨ | ᠰᠣᠯᠢᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠲᠤᠷᠠᠯᠴᠠᠵᠤ᠂ ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ 10 | ᠳ᠋ᠤᠭᠠᠷ ᠰᠠᠷ᠎ᠠ ᠶᠢᠨ 15 ᠤ ᠡᠳᠦᠷ ᠬᠡᠪ ᠤᠨ ᠶᠣᠰᠣᠭᠠᠷ ᠳᠤᠯᠠᠭᠠᠯᠠᠭ᠎ᠠ ᠬᠠᠩᠭᠠᠬᠤ ᠶᠢ ᠪᠠᠲᠤᠯᠠᠬᠤ ᠬᠡᠷᠡᠭᠲᠡᠶ᠃ | ᠬᠤᠶᠠᠷ ᠲᠤ᠂ ᠪᠠᠷᠢᠯᠭ᠎ᠠ ᠶᠢᠨ ᠠᠬᠢᠴᠠ ᠶᠢ ᠦᠨᠡᠨᠬᠦ ᠪᠠᠲᠤᠯᠠᠬᠤ ᠶᠢᠨ ᠬᠠᠮᠲᠤ ᠪᠠᠷᠢᠯᠭ᠎ᠠ ᠶᠢᠨ ᠶᠠᠰᠤ ᠴᠢᠨᠠᠷ ᠪᠣᠯᠤᠨ | ᠠᠶᠣᠯᠭᠦᠢ ᠪᠠᠶᠢᠬᠤ ᠶᠢ ᠪᠠᠲᠤᠯᠠᠵᠤ᠂ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠠᠶᠣᠯᠭᠦᠢ ᠶᠢᠨ ᠬᠠᠮᠢᠶᠠᠷᠤᠯᠲᠠ ᠶᠢ | ᠴᠢᠩᠭᠠᠳᠬᠠᠵᠣ᠂ ᠠᠬᠢᠴᠠ ᠶᠢ ᠲᠦᠷᠭᠡᠳᠬᠡᠭᠰᠡᠨ ᠠᠴᠠ ᠪᠣᠯᠵᠤ ᠪᠠᠷᠢᠯᠭ᠎ᠠ ᠶᠢᠨ ᠶᠠᠰᠤ ᠴᠢᠨᠠᠷ ᠤᠨ ᠠᠰᠠᠭᠤᠳᠠᠯ ᠪᠣᠯᠤᠨ | ᠠᠶᠣᠯᠭᠦᠢ ᠶᠢᠨ ᠠᠳᠡᠯ ᠭᠠᠷᠭᠠᠵᠤ ᠪᠣᠯᠬᠤ ᠦᠭᠡᠢ᠃ ᠭᠤᠷᠪᠠ ᠳᠤ᠂ ᠢᠯᠴᠢ ᠬᠠᠩᠭᠠᠬᠤ ᠠᠴᠠ ᠡᠮᠦᠨ᠎ᠡ ᠠᠵᠢᠯᠲᠠᠨ ᠤ | ᠠᠶᠣᠯᠭᠦᠢ ᠶᠢᠨ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠢᠯᠠᠩᠭᠤᠶ᠎ᠠ ᠣᠨᠴᠠ ᠲᠥᠷᠥᠯ ᠤᠨ ᠠᠵᠢᠯ | ᠬᠢᠭᠰᠡᠳ ᠡᠷᠬᠡᠪᠰᠢ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠴᠤ᠂ ᠢᠯᠴᠢ ᠬᠠᠩᠭᠠᠬᠤ ᠬᠤᠭᠤᠴᠠᠭᠠᠨ ᠤ | ᠠᠶᠣᠯᠭᠦᠢ ᠪᠥᠭᠡᠳ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠳᠠᠷᠠᠭ᠎ᠠ ᠨᠢ᠂ ᠪᠠᠶᠢᠴᠠᠭᠠᠬᠤ ᠳᠣᠭᠤᠶᠢᠯᠠᠩ ᠤᠨ ᠬᠢᠨ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ | ᠲᠣᠭᠠᠴᠢᠯᠠᠭᠰᠠᠨ ᠬᠢᠨᠠᠨ ᠡᠵᠡᠮᠳᠡᠬᠦ ᠲᠠᠪᠴᠠᠩ ᠤᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ | ᠠᠵᠢᠯᠲᠠᠨ ᠤ ᠲᠣᠭᠠᠴᠢᠯᠠᠭᠰᠠᠨ ᠬᠢᠨᠠᠨ ᠡᠵᠡᠮᠳᠡᠬᠦ ᠲᠠᠪᠴᠠᠩ ᠤᠨ ᠠᠵᠢᠯᠯᠠᠭᠠᠨ ᠤ ᠪᠠᠶᠢᠳᠠᠯ ᠤᠨ ᠲᠤᠬᠠᠶ | ᠲᠠᠨᠢᠯᠴᠠᠭᠤᠯᠭ᠎ᠠ ᠶᠢ ᠰᠣᠨᠣᠰᠪᠠ᠃ ᠵᠠᠩ ᠯᠢᠨ ᠯᠢᠨ ᠴᠢᠬᠤᠯᠠᠴᠢᠯᠠᠭᠰᠠᠨ ᠨᠢ᠂ ᠲᠣᠭᠠᠴᠢᠯᠠᠭᠰᠠᠨ ᠬᠢᠨᠠᠨ ᠡᠵᠡᠮᠳᠡᠬᠦ | ᠲᠠᠪᠴᠠᠩ ᠤᠨ ᠬᠠᠮᠢᠶᠠᠷᠤᠯᠲᠠ ᠪᠣᠯᠣᠨ ᠬᠡᠷᠡᠭᠯᠡᠯᠲᠡ ᠶᠢ ᠴᠢᠩᠭᠠᠳᠬᠠᠵᠤ᠂ ᠢᠯᠠᠩᠭᠤᠶ᠎ᠠ ᠰᠢᠶᠠᠨ ᠤ ᠬᠡᠪᠴᠢᠶᠡᠨ ᠳᠠᠬᠢ | ᠡᠯ᠎ᠡ ᠲᠥᠷᠥᠯ ᠤᠨ ᠬᠥᠮᠦᠨ ᠣᠯᠠᠨ ᠴᠤᠭᠯᠠᠷᠠᠬᠤ ᠲᠠᠯᠠᠪᠣᠷ ᠭᠠᠵᠠᠷ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ | ᠦᠨᠡᠨᠬᠦ ᠪᠠᠲᠤᠯᠠᠵᠤ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠠᠷᠢᠯᠭᠠᠬᠤ | ᠬᠡᠷᠡᠭᠲᠡᠶ ᠭᠡᠪᠡ᠃ |