ᠴᠢᠩ ᠱᠦᠶ ᠾᠧ ᠰᠢᠶᠠᠨ ᠠᠵᠤ ᠠᠬᠤᠢ ᠶᠢᠨ ᠡᠷᠭᠢᠯᠲᠡ ᠶᠢ ᠵᠠᠳᠠᠯᠤᠨ ᠲᠣᠬᠢᠷᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-08-13
     8 ᠳ᠋ᠤᠭᠠᠷ ᠰᠠᠷ᠎ᠠ ᠶᠢᠨ 8 ᠤ ᠡᠳᠦᠷ᠂ ᠴᠢᠩ ᠱᠦᠶ ᠾᠧ ᠰᠢᠶᠠᠨ ᠠᠵᠤ ᠠᠬᠤᠢ ᠶᠢᠨ ᠡᠷᠭᠢᠯᠲᠡ ᠶᠢ ᠵᠠᠳᠠᠯᠤᠨ ᠲᠣᠬᠢᠷᠠᠭᠤᠯᠬᠤ ᠬᠤᠷᠠᠯ ᠬᠤᠷᠠᠯᠳᠤᠭᠤᠯᠪᠠ᠃ ᠬᠤᠷᠠᠯ ᠠᠴᠠ ᠲᠥᠪ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠠᠵᠤ ᠠᠬᠤᠢ ᠶᠢᠨ ᠡᠷᠭᠢᠯᠲᠡ ᠶᠢ ᠲᠤᠬᠢᠷᠠᠭᠤᠯᠤᠨ ᠵᠠᠳᠠᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠡᠭᠡᠷ᠎ᠡ ᠬᠠᠭᠠᠰ ᠵᠢᠯ ᠤᠨ ᠪᠦᠬᠦ ᠰᠢᠶᠠᠨ ᠤ ᠠᠵᠤ ᠠᠬᠤᠢ ᠶᠢᠨ ᠡᠷᠭᠢᠯᠲᠡ ᠶᠢᠨ ᠪᠠᠶᠢᠳᠠᠯ  ᠢ ᠮᠡᠳᠡᠭᠳᠡᠵᠦ᠂ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠶᠯ ᠤᠨ ᠠᠬᠢᠯᠲᠠ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠵᠡᠶ᠃      ᠴᠢᠶᠦᠩ ᠶᠦᠨ ᠯᠢᠨ ᠴᠢᠶᠦᠩ ᠬᠤᠷᠠᠯ ᠡᠷᠬᠢᠯᠡᠪᠡ᠃      ᠬᠤᠷᠠᠯ ᠳᠡᠭᠡᠷ᠎ᠡ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠬᠥᠭᠵᠢᠭᠦᠯᠦᠯᠲᠡ ᠪᠣᠯᠣᠨ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠢ ᠮᠡᠳᠡᠭᠳᠡᠵᠦ᠂ ᠳᠣᠤᠷ᠎ᠠ ᠬᠠᠭᠠᠰ ᠵᠢᠯ ᠤᠨ ᠠᠵᠢᠯ ᠳᠤ ᠰᠠᠨᠠᠭᠤᠯᠭ᠎ᠠ ᠳᠤᠷᠠᠳᠪᠠ︔ ᠰᠢᠶᠠᠨ  ᠤ ᠳᠡᠳ᠋ ᠳᠠᠷᠤᠭ᠎ᠠ ᠵᠠᠩ ᠮᠢᠨ ᠴᠦᠨ᠂ ᠵᠠᠩ ᠰᠢᠶᠧ ᠵᠢᠶᠦ᠋ᠨ᠂ ᠴᠢ ᠵᠢᠶᠦ᠋ᠨ ᠬᠤ᠋᠂ ᠯᠢ ᠵᠢᠶᠦ᠋ᠨ᠂ ᠱᠢ ᠶᠦᠩ ᠫᠢᠩ ᠵᠢᠴᠢ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠳ᠋ᠦ᠋ ᠬᠦᠶ ᠵᠦᠩ ᠳᠡᠭᠡᠷ᠎ᠡ ᠬᠠᠭᠠᠰ ᠵᠢᠯ ᠤᠨ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠶᠯ ᠤᠨ ᠠᠬᠢᠯᠲᠠ ᠶᠢᠨ ᠪᠠᠶᠢᠳᠠᠯ ᠢ ᠲᠣᠰ ᠲᠣᠰ ᠬᠠᠷᠢᠭᠤ ᠮᠡᠳᠡᠭᠦᠯᠪᠡ᠃      ᠰᠢᠶᠠᠨ ᠤ ᠳᠠᠷᠤᠭ᠎ᠠ ᠺᠠᠩ ᠶᠦᠩ ᠴᠢᠶᠠᠩ ᠡᠩ ᠲᠡᠷᠢᠭᠦᠨ ᠳᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠨ ᠵᠠᠳᠠᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠲᠡᠷᠡᠴᠢᠯᠡᠨ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠬᠤ ᠳᠠᠭᠠᠨ᠂ ᠨᠢᠭᠡ ᠳᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠬᠤ ᠳᠤᠭᠤᠶᠢᠯᠠᠩ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠰᠢᠮᠳᠠᠭᠤᠯᠤᠨ ᠵᠢᠯᠣᠭᠤᠳᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠨᠢᠭᠡᠳᠦᠭᠡᠷ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ  ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠶ᠃ ᠬᠤᠶᠠᠷ ᠲᠤ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠠᠵᠤ ᠦᠢᠯᠡᠰ ᠤᠨ ᠪᠦᠲᠦᠴᠡ ᠶᠢᠨ ᠬᠡᠯᠪᠡᠷᠢ  ᠪᠠᠨ ᠬᠤᠪᠢᠷᠠᠭᠤᠯᠤᠨ ᠳᠡᠰ ᠳᠡᠪᠰᠢᠬᠦ ᠶᠢ ᠢᠳᠡᠪᠬᠢᠲᠡᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠤᠷᠪᠠ ᠳᠤ ︽ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ︾ ᠪᠠᠷ ᠭᠤᠤᠯ ᠰᠢᠵᠢᠮ ᠪᠣᠯᠭᠠᠵᠤ᠂ ᠬᠥᠬᠡ ᠣᠭᠲᠠᠷᠭᠤᠶ᠂ ᠴᠡᠩᠭᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠬᠤ ᠬᠡᠷᠡᠭᠲᠡᠢ᠃ ᠳᠥᠷᠪᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠰᠢᠨ᠎ᠡ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠᠷ ᠤᠨᠢᠨ ᠳᠡᠭᠡᠷ᠎ᠡ ᠨᠢ ᠬᠦᠴᠦᠯᠡᠬᠦ ᠬᠡᠷᠡᠭᠲᠡᠶ᠃ ᠲᠠᠪᠤ ᠳᠤ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠬᠥᠳᠡᠭᠡ ᠶᠢᠨ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠶᠠᠳᠠᠭᠤ ᠶᠢ ᠲᠡᠳᠬᠦᠬᠦ ᠶᠠᠰᠤ ᠴᠢᠨᠠᠷ ᠢ ᠦᠨᠡᠨᠬᠦ ᠪᠠᠬᠢᠵᠢᠭᠦᠯᠦᠨ ᠳᠡᠭᠡᠭᠰᠢᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠶᠦᠨ ᠯᠢᠨ ᠴᠢᠶᠦ᠋ᠩ ᠱᠦᠵᠢ ᠳ᠋ᠦᠩᠨᠡᠯᠲᠡ ᠶᠢᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠨᠢᠭᠡ ᠳᠤ ᠶᠡᠭᠡ ᠬᠠᠨᠳᠤᠰᠢ ᠶᠢ ᠡᠵᠡᠮᠳᠡᠵᠦ᠂ ᠢᠲᠡᠭᠡᠯ ᠵᠣᠷᠢᠭ ᠢᠶᠠᠨ ᠬᠥᠪᠴᠢᠯᠡᠬᠦ ᠬᠡᠷᠡᠭᠲᠡᠶ᠃ ᠡᠨᠡ ᠵᠢᠯ ᠮᠠᠨ ᠤ ᠰᠢᠶᠠᠨ ᠳᠤ ᠶᠡᠭᠡ ᠶᠠᠪᠤᠳᠠᠯ ᠠᠷᠪᠢᠨ᠂ ᠪᠠᠶᠠᠷ ᠤᠨ ᠶᠠᠪᠤᠳᠠᠯ ᠠᠷᠪᠢᠨ ᠪᠠᠶᠢᠨ᠎ᠠ᠃ ︽ᠶᠣᠣ ᠱᠠᠩ ᠲᠢᠶᠠᠨ︾ ᠣᠷᠣᠨ ᠪᠦᠰᠡ ᠶᠢᠨ ᠣᠯᠠᠨ ᠨᠡᠶᠢᠲᠡ ᠶᠢᠨ ᠨᠡᠷᠡᠲᠦ ᠲᠡᠮᠳᠡᠭ ᠢ ᠠᠮᠵᠢᠯᠲᠠᠲᠠᠢ ᠡᠭᠦᠳᠴᠦ᠂ 4 ᠳ᠋ᠦ᠋ᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠢ ᠰᠢᠶᠠᠨ ᠠᠴᠠ ᠭᠠᠷᠴᠤ᠂ ᠠᠮᠢ ᠠᠬᠤᠢ ᠶᠢᠨ ᠣᠢ ᠵᠢᠮᠢᠰ ᠤᠨ ᠠᠵᠤ ᠦᠢᠯᠡᠰ ᠬᠥᠭᠵᠢᠯᠲᠡ ᠶᠢᠨ ᠰᠢᠨ᠎ᠡ ᠵᠠᠭᠪᠤᠷ ᠢ ᠰᠦᠪᠡᠭᠴᠢᠯᠡᠵᠦ᠂ ᠲᠠᠷᠢᠶᠠᠴᠢᠳ ᠥᠪᠡᠰᠦᠪᠡᠨ ᠲᠠᠷᠢᠬᠤ ᠪᠠ ᠠᠵᠤ ᠠᠬᠤᠶᠢᠯᠠᠯ ᠢ ᠲᠡᠳᠡᠨ ᠣᠷᠣᠭᠤᠯᠵᠤ ᠪᠠᠶᠢᠭᠠᠳ 14.2 ᠲᠦᠮᠡᠨ ᠮᠦ ᠠᠵᠤ ᠠᠬᠤᠢ ᠶᠢᠨ ᠤᠢ ᠶᠢ ᠲᠥᠪᠯᠡᠷᠡᠭᠦᠯᠦᠨ ᠵᠠᠶᠢᠯᠠᠭᠤᠯᠪᠠ᠃ ᠠᠵᠤ ᠦᠶᠯᠡᠳᠪᠦᠷᠢ ᠶᠢᠨ ᠠᠵᠤ ᠠᠬᠤᠢ ᠶᠢᠨ ᠰᠢᠪᠲᠤᠯᠤᠯᠲᠠ ᠶᠢᠨ ᠮᠠᠶ᠋ᠢᠭ ᠢᠶᠠᠷ ᠬᠥᠭᠵᠢᠪᠡ᠃ 2.06 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢᠨ 167% ᠶᠢ ᠪᠡᠶᠡᠯᠡᠭᠦᠯᠪᠡ᠃ ᠬᠤᠶᠠᠷ ᠲᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠬᠤ ᠬᠡᠷᠡᠭᠲᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠭᠤᠰᠢᠯᠠᠬᠤ ᠬᠡᠷᠡᠭᠲᠡᠶ︔ ᠶᠡᠷᠦᠩᠬᠡᠶ ᠱᠦᠵᠢ ᠰᠢ ᠶᠢᠨ ᠫᠢᠩ ᠤᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠴᠢᠬᠤᠯᠠ ᠵᠢᠭᠠᠪᠤᠷᠢ ᠶᠢ ᠭᠦᠨᠵᠡᠭᠡᠢ ᠣᠶᠢᠯᠭᠠᠬᠤ ᠬᠡᠷᠡᠭᠲᠡᠢ︔ ᠶᠡᠷᠦᠩᠬᠡᠶ ᠱᠦᠵᠢ ᠰᠢ ᠶᠢᠨ ᠫᠢᠩ ᠤᠨ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠮᠠᠨ ᠤ ᠤᠯᠤᠰ ᠠᠴᠠ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠲᠤᠬᠠᠶ ᠴᠢᠬᠤᠯᠠ ᠵᠢᠭᠠᠪᠤᠷᠢ ᠶᠢ ᠭᠦᠨᠵᠡᠭᠡᠢ ᠣᠶᠢᠯᠭᠠᠬᠤ ᠬᠡᠷᠡᠭᠲᠡᠢ︔ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠲᠤᠬᠠᠶ ᠴᠢᠬᠤᠯᠠ ᠵᠢᠭᠠᠪᠤᠷᠢ ᠶᠢ ᠭᠦᠨᠵᠡᠭᠡᠢ ᠣᠶᠢᠯᠭᠠᠬᠤ ᠬᠡᠷᠡᠭᠲᠡᠢ᠃ ᠬᠥᠭᠵᠢᠯᠲᠡ ᠶᠢᠨ ᠦᠵᠡᠯᠲᠡ᠂ ᠠᠵᠢᠯ ᠤᠨ ᠠᠮᠵᠢᠯᠲᠠ ᠶᠢᠨ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ 《 ᠪᠠᠬᠢᠵᠢᠭᠦᠯᠬᠦ᠂ ᠴᠢᠩᠭᠠᠷᠠᠭᠤᠯᠬᠤ᠂ ᠳᠡᠭᠡᠭᠰᠢᠯᠡᠭᠦᠯᠬᠦ᠂ ᠰᠠᠭᠠᠳ ᠦᠭᠡᠢ ᠨᠡᠪᠲᠡᠷᠡᠭᠦᠯᠬᠦ 》 ᠴᠢᠭᠯᠡᠯᠲᠡ ᠶᠢᠨ ᠲᠣᠭᠤᠷᠢᠨ ᠳᠤ᠂ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭ᠎ᠠ ᠠᠳᠬᠤᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠴᠢᠩᠭ᠎ᠠ ᠠᠳᠬᠤᠵᠤ᠂ ᠣᠳᠣ ᠪᠠᠶᠭ᠎ᠠ ᠠᠵᠤ ᠦᠶᠯᠡᠰ ᠯᠦᠭᠡ ᠡᠷᠭᠢᠯᠳᠡᠲᠦ ᠠᠵᠤ ᠠᠬᠤᠶ ᠶᠢ ᠪᠤᠢ ᠪᠣᠯᠭᠠᠬᠤ᠂ ᠬᠥᠭᠵᠢᠭᠦᠯᠬᠦ ᠲᠥᠷᠥᠯ ᠵᠦᠶᠯ ᠢ ᠣᠷᠣᠭᠤᠯᠵᠤ ᠠᠪᠴᠢᠷᠠᠬᠤ ᠶᠢ ᠴᠢᠬᠤᠯᠠᠴᠢᠯᠠᠬᠤ ᠬᠡᠷᠡᠭᠲᠡᠶ᠃ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠠᠮᠢ ᠠᠬᠤᠢ ᠶᠢᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ︽ᠭᠤᠷᠪᠠᠨ ᠬᠤᠲᠠ  ᠶᠢ ᠵᠡᠷᠭᠡᠪᠡᠷ ᠴᠣᠭᠴᠠᠯᠠᠬᠤ︾ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠠᠬᠢᠭᠤᠯᠤᠨ᠎ᠠ᠃ ᠣᠯᠠᠨ ᠲᠦᠮᠡᠨ ᠤ ᠠᠩᠬᠠᠷᠤᠯ ᠲᠥᠪᠯᠡᠷᠡᠭᠰᠡᠨ ᠠᠰᠠᠭᠤᠳᠠᠯ ᠢ ᠠᠩᠬᠠᠷᠤᠨ ᠰᠢᠶᠳᠪᠦᠷᠢᠯᠡᠵᠦ᠂ ᠤᠯᠤᠰ ᠤᠨ ᠪᠠᠶᠠᠷ ᠤᠨ 70 ᠵᠢᠯ ᠤᠨ ᠤᠢ ᠶᠢᠨ ᠠᠮᠤᠷ ᠲᠦᠪᠰᠢᠨ ᠢ ᠪᠠᠲᠤᠯᠠᠬᠤ ᠠᠵᠢᠯ ᠢ ᠰᠠᠶᠢᠲᠤᠷ ᠠᠳᠬᠤᠨ᠎ᠠ᠃ ᠭᠤᠷᠪᠠ ᠳᠤ ᠬᠠᠷᠠᠯᠲᠠ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠡᠳᠦᠷ ᠲᠤᠲᠤᠮ ᠤᠨ ᠠᠵᠢᠯ ᠢᠶᠠᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠯᠤᠭ᠎ᠠ ᠬᠠᠷᠢᠯᠴᠠᠨ ᠤᠶᠠᠯᠳᠤᠭᠤᠯᠵᠤ᠂ 《 ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠯᠦᠭᠡ ᠬᠠᠷᠢᠯᠴᠠᠨ ᠤᠶᠠᠯᠳᠤᠭᠤᠯᠵᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ  ᠯᠤᠭ᠎ᠠ ᠬᠠᠷᠢᠯᠴᠠᠨ ᠤᠶᠠᠯᠳᠤᠭᠤᠯᠬᠤ ᠬᠡᠷᠡᠭᠲᠡᠶ᠃ ᠶᠦᠨ ᠯᠢᠨ ᠴᠢᠶᠦ᠋ᠩ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ  ᠬᠢᠨ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ ᠠᠮᠵᠢᠵᠤ᠂ ᠪᠣᠳᠠᠲᠠᠶ ᠶᠢ ᠡᠷᠬᠢᠮᠯᠡᠬᠦ ᠵᠣᠷᠢᠭ ᠰᠠᠨᠠᠭ᠎ᠠ ᠪᠠᠷ᠂ ᠴᠢᠯᠠᠭᠤᠨ ᠳᠡᠭᠡᠷ᠎ᠡ ᠭᠢᠰᠬᠢᠪᠡᠯ ᠮᠥᠷ ᠢᠶᠠᠨ ᠦᠯᠡᠳᠡᠭᠡᠬᠦ ᠡᠷᠴᠢ ᠵᠣᠷᠢᠭ ᠢᠶᠠᠷ᠂ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠪᠣᠳᠠᠲᠠᠶ ᠳᠤ ᠨᠠᠶᠢᠳᠠᠪᠤᠷᠢᠵᠢᠭᠤᠯᠵᠤ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠶᠯ ᠤᠨ ᠠᠵᠢᠯ ᠢ ᠪᠣᠳᠠᠲᠠᠶ ᠳᠤ  ᠨᠠᠶᠢᠳᠠᠪᠤᠷᠢᠵᠢᠭᠤᠯᠵᠤ᠂ ᠠᠮᠵᠢᠯᠲᠠ ᠪᠦᠲᠦᠮᠵᠢ ᠪᠠᠷ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠬᠡᠷᠡᠭᠲᠡᠶ ᠭᠡᠵᠦ ᠴᠢᠬᠤᠯᠠᠴᠢᠯᠠᠪᠠ᠃      ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠰᠢᠶᠠᠩ ᠪᠠᠯᠭᠠᠰᠤᠨ ᠤ ᠳᠠᠷᠤᠭ᠎ᠠ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号