ᠲᠤᠮᠳᠠᠳᠤ ᠮᠤᠩᠭᠤᠯ ᠤᠨ ᠦᠵᠡᠰᠭᠦᠯᠡᠩ ᠤᠨ ᠴᠤᠭᠯᠠᠭᠠᠨ 9 ᠰᠠᠷ᠎ᠠ ᠳᠤ ᠶᠠᠪᠤᠭᠳᠠᠨ᠎ᠠ
ᠨᠡᠶᠢᠲᠡᠯᠡᠭᠰᠡᠨ ᠴᠠᠭ᠄
2019-08-13
     ᠲᠤᠮᠳᠠᠳᠤ ᠮᠤᠩᠭᠤᠯ ᠤᠨ ᠦᠵᠡᠰᠭᠦᠯᠡᠩ ᠤᠨ ᠴᠤᠭᠯᠠᠭᠠᠨ ᠤ ᠵᠤᠬᠢᠶᠠᠨ ᠪᠠᠶᠢᠭᠤᠯᠬᠤ ᠺᠤᠮᠢᠰ ᠤᠨ ᠮᠡᠳᠡᠭᠡ ᠶᠢ ᠦᠨᠳᠦᠰᠦᠯᠡᠪᠡᠯ᠂ ᠭᠤᠷᠪᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠭᠦᠯᠡᠩ ᠤᠨ ᠴᠤᠭᠯᠠᠭᠠᠨ 9 ᠰᠠᠷ᠎ᠠ ᠶᠢᠨ 6 ᠠᠴᠠ 10 ᠤ ᠡᠳᠦᠷ ᠪᠤᠯᠳᠠᠯ᠎ᠠ ᠤᠯᠠᠭᠠᠨᠴᠠᠪ ᠬᠤᠳᠠ᠂ ᠬᠦᠬᠡᠬᠤᠳᠠ ᠳᠤ ᠶᠠᠪᠤᠭᠳᠠᠨ᠎ᠠ᠃      ᠲᠤᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠨᠢ ︽ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠭᠢᠯ ᠢ ᠪᠦᠳᠦᠭᠡᠨ ᠪᠠᠶᠢᠭᠤᠯᠵᠤ᠂ ᠵᠡᠭᠦᠨ ᠬᠤᠶᠢᠳᠤ ᠠᠽᠢᠶ᠎ᠠ ᠶᠢᠨ ᠤᠷᠤᠨ ᠪᠦᠰᠡ ᠶᠢᠨ ᠬᠠᠮᠳᠤᠷᠠᠯᠴᠠᠭ᠎ᠠ ᠶᠢ ᠠᠬᠢᠭᠤᠯᠬᠤ︾ ᠪᠠᠷ ᠭᠤᠣᠯ ᠰᠡᠳᠦᠪ ᠪᠤᠯᠭᠠᠵᠤ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠠᠬᠤᠢ ᠠᠷᠠᠯᠵᠢᠶ᠎ᠠ᠂ ᠬᠦᠳᠡᠭᠡ ᠠᠵᠤ ᠠᠬᠤᠢ᠂ ᠡᠮ ᠡᠮᠨᠡᠯᠭᠡ᠂ ᠰᠤᠶᠤᠯ᠂ ᠢᠮᠠᠭᠠᠨ ᠨᠤᠤᠯᠤᠭᠤᠷ ᠵᠡᠷᠭᠡ ᠬᠦᠷᠢᠶᠡᠨ ᠳᠤ ᠠᠩᠬᠠᠷᠤᠯ ᠢᠶᠠᠨ ᠲᠦᠪᠯᠡᠷᠡᠭᠦᠯᠵᠦ᠂ ᠪᠡᠯᠡ ᠤᠷᠤᠭᠤᠯᠤᠯᠳᠠ ᠠᠷᠠᠯᠵᠢᠶᠠᠨ ᠤ  ᠵᠦᠪᠳᠡᠯᠴᠡᠭᠡ᠂ ᠬᠤᠷᠠᠯ ᠶᠠᠷᠢᠶᠠᠨ ᠤ ᠲᠠᠪᠴᠠᠩ᠂ ᠰᠤᠶᠤᠯ ᠤᠨ ᠰᠤᠯᠢᠯᠴᠠᠭ᠎ᠠ ᠪᠠ ᠦᠵᠡᠰᠭᠦᠯᠡᠩ ᠦᠵᠡᠭᠦᠯᠭᠡ ᠵᠡᠷᠭᠡ ᠲᠦᠷᠪᠡᠨ ᠶᠡᠭᠡ ᠲᠦᠷᠦᠯ ᠳᠤ ᠤᠯᠠᠨ ᠵᠦᠢᠯ ᠤᠨ ᠠᠵᠢᠯᠯᠠᠭ᠎ᠠ ᠦᠷᠨᠢᠬᠦᠯᠬᠦ ᠪᠤᠯᠤᠨ᠎ᠠ᠃      ᠡᠨᠡ ᠵᠢᠯ ᠪᠣᠯ ᠲᠤᠮᠳᠠᠳᠤ ᠮᠤᠩᠭᠤᠯ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠳᠠᠭᠰᠠᠨ 70 ᠵᠢᠯ ᠤᠨ ᠤᠢ ᠪᠤᠯᠤᠨ᠎ᠠ᠃ ᠲᠤᠰ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠭᠦᠯᠡᠩ ᠤᠨ ᠴᠤᠭᠯᠠᠭᠠᠨ  ᠨᠢ ︽ᠪᠦᠬᠦ ᠪᠦᠮᠪᠦᠷᠴᠡᠭ ᠲᠤ ᠬᠠᠨᠳᠤᠭᠤᠯᠤᠭᠰᠠᠨ ᠤᠯᠠᠨ ᠤᠯᠤᠰ ᠤᠨ ᠴᠢᠨᠠᠷᠳᠠᠢ ᠦᠵᠡᠰᠭᠦᠯᠡᠩ ᠤᠨ ᠴᠤᠭᠯᠠᠭᠠᠨ︾ ᠢᠶᠠᠷ ᠵᠤᠷᠢᠯᠳᠠ ᠪᠤᠯᠭᠠᠵᠤ᠂ ᠶᠠᠰᠤ ᠴᠢᠨᠠᠷ ᠢᠶᠠᠷ ᠨᠡᠩ ᠰᠢᠯᠢᠳᠡᠭ᠂ ᠰᠢᠨ᠎ᠡ ᠶᠢ ᠡᠭᠦᠳᠬᠦ ᠪᠠᠷ ᠨᠡᠩ ᠴᠢᠩᠭ᠎ᠠ᠂ ᠲᠡᠰ ᠲᠠᠪᠬᠤᠷᠭ᠎ᠠ ᠪᠠᠷ ᠨᠡᠩ ᠦᠨᠳᠦᠷ᠂ ᠦᠷ᠎ᠡ ᠪᠦᠲᠦᠮᠵᠢ ᠪᠠᠷ ᠨᠡᠩ ᠰᠠᠶᠢᠨ ᠵᠡᠭᠦᠨ ᠬᠤᠶᠢᠳᠤ ᠠᠽᠢᠶ᠎ᠠ ᠶᠢᠨ ᠠᠵᠤ ᠠᠬᠤᠢ ᠶᠢᠨ ᠬᠦᠷᠢᠶᠡᠨ ᠤ ᠤᠷᠤᠨ ᠪᠦᠰᠡ ᠶᠢᠨ ᠬᠠᠮᠳᠤᠷᠠᠯᠴᠠᠭᠠᠨ ᠤ ᠲᠠᠪᠴᠠᠩ ᠢ ᠴᠢᠷᠮᠠᠶᠢᠨ ᠪᠠᠶᠢᠭᠤᠯᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ ᠤ ᠮᠣᠩᠭᠤᠯ ᠰᠣᠨᠢᠨ ᠤ ᠵᠢᠷᠭᠢᠶ᠎ᠡ ᠶᠢᠨ ᠲᠠᠪᠴᠠᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号