ᠠᠩᠬᠠᠳᠤᠭᠠᠷ ᠬᠤᠭᠤᠴᠠᠭᠠᠨ ᠤ ᠬᠥᠬᠡᠬᠤᠳᠠ ᠶᠢᠨ ᠤᠯᠠᠨ ᠤᠯᠤᠰ ᠤᠨ ᠲᠠᠭᠤᠤ ᠬᠥᠭᠵᠢᠮ  ᠤᠨ ᠵᠤᠰᠠᠯᠠᠩ ᠤᠨ ᠤᠷᠠᠯᠢᠭ ᠤᠨ ᠨᠠᠶᠢᠷ 8 ᠰᠠᠷ᠎ᠠ ᠶᠢᠨ 16 — 21 ᠤ ᠡᠳᠦᠷ ᠪᠣᠯᠲᠠᠯ᠎ᠠ ᠶᠠᠪᠤᠭᠳᠠᠨ᠎ᠠ
ᠨᠡᠶᠢᠲᠡᠯᠡᠭᠰᠡᠨ ᠴᠠᠭ᠄
2019-08-16
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠥᠷᠭᠡᠨ︶ 8 ᠰᠠᠷ᠎ᠠ ᠶᠢᠨ 15 ᠤ ᠡᠳᠤᠷ ᠬᠤᠷᠠᠯᠳᠤᠬᠰᠠᠨ ᠠᠩᠬᠠᠳᠤᠭᠠᠷ ᠬᠤᠭᠤᠴᠠᠭᠠᠨ ᠤ ᠬᠥᠬᠡᠬᠤᠲᠠ ᠶᠢᠨ ᠤᠯᠠᠨ ᠤᠯᠤᠰ  ᠤᠨ ᠲᠠᠭᠤᠤ ᠬᠥᠭᠵᠢᠮ ᠤᠨ ᠵᠤᠰᠠᠯᠠᠩ ᠤᠨ ᠤᠷᠠᠯᠢᠬ ᠤᠨ ᠨᠡᠶᠢᠷ ᠤᠨ ᠵᠠᠭᠤᠴᠢᠯᠠᠭᠤᠷ ᠤᠨ ᠬᠢᠨ ᠲᠠᠢ ᠠᠭᠤᠯᠵᠠᠬᠤ ᠬᠤᠷᠠᠯ ᠠᠴᠠ ᠣᠶᠢᠯᠭᠠᠭᠰᠠᠨ ᠢᠶᠠᠷ᠂ ᠲᠤᠰ ᠤᠷᠠᠯᠢᠬ ᠤᠨ ᠨᠠᠶᠢᠷ 8 ᠰᠠᠷ᠎ᠠ ᠶᠢᠨ 16 — 21 ᠤ ᠡᠳᠦᠷ ᠪᠣᠯᠲᠠᠯ᠎ᠠ ᠬᠥᠬᠡᠬᠤᠲᠠ ᠳᠤ ᠶᠠᠪᠤᠭᠳᠠᠬᠤ ᠪᠣᠯᠣᠨ᠎ᠠ᠃      ᠣᠶᠢᠯᠭᠠᠭᠰᠠᠨ ᠢᠶᠠᠷ᠂ ᠲᠤᠰ ᠬᠤᠭᠤᠴᠠᠭᠠᠨ ᠤ ᠤᠷᠠᠯᠢᠬ ᠤᠨ ᠨᠠᠶᠢᠷ ᠢ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠠᠰ᠂ ᠲᠥᠪ  ᠤᠨ ᠲᠠᠭᠤᠤ ᠬᠥᠭᠵᠢᠮ ᠤᠨ ᠳᠡᠭᠡᠳᠦ ᠰᠤᠷᠭᠠᠭᠤᠯᠢ᠂ ᠥᠪᠥᠷ ᠮᠤᠩᠭᠤᠯ ᠤᠨ ᠤᠳᠬ᠎ᠠ ᠤᠷᠠᠯᠢᠬ ᠤᠨ ᠬᠢᠨ  ᠤ ᠬᠤᠯᠪᠣᠭ᠎ᠠ᠂ ᠥᠪᠥᠷ ᠮᠤᠩᠭᠤᠯ ᠤᠨ ᠪᠠᠭᠰᠢ ᠶᠢᠨ ᠶᠡᠭᠡ  ᠰᠤᠷᠭᠠᠭᠤᠯᠢ ᠭᠤᠤᠯᠯᠠᠨ ᠡᠬᠢᠯᠡᠨ᠎ᠡ᠃ ᠤᠷᠠᠯᠢᠬ ᠤᠨ ᠨᠠᠶᠢᠷ ᠤᠨ ᠬᠤᠭᠤᠴᠠᠭᠠᠨ ᠳᠤ ᠤᠯᠤᠰ ᠤᠨ ᠲᠤᠳᠤᠭᠠᠳᠤ ᠭᠠᠳᠠᠭᠠᠳᠤ ᠳᠤ ᠨᠡᠷ᠎ᠡ ᠨᠥᠯᠥᠭᠡ ᠶᠡᠬᠡᠳᠠᠢ ᠲᠠᠭᠤᠤ ᠬᠥᠭᠵᠢᠮ ᠤᠨ ᠪᠠᠭᠰᠢ ᠨᠠᠷ ᠳᠠᠭᠤᠤ ᠬᠥᠭᠵᠢᠮ ᠤᠨ ᠬᠢᠴᠢᠶᠡᠯ ᠬᠥᠮᠥᠵᠢᠯ᠂ ᠲᠠᠭᠤᠤ ᠬᠥᠭᠵᠢᠮ ᠤᠨ ᠵᠢᠭᠠᠨ ᠰᠤᠷᠭᠠᠯᠲᠠ ᠶᠢᠨ ᠴᠢᠳᠠᠪᠤᠷᠢᠲᠠᠨ ᠢ ᠬᠥᠮᠥᠵᠢᠬᠦᠯᠬᠦ ᠲᠤᠬᠠᠢ ᠲᠤᠰᠬᠠᠢ ᠰᠡᠳᠤᠪᠳᠤ ᠲᠠᠶᠢᠯᠥᠮᠵᠢ ᠬᠢᠬᠦ ᠵᠡᠷᠭᠡ ᠠᠵᠢᠯᠯᠠᠭ᠎ᠠ ᠨᠤᠭᠤᠳ ᠢ ᠥᠷᠨᠢᠭᠦᠯᠬᠦ ᠪᠣᠯᠣᠨ᠎ᠠ᠃      ᠬᠠᠮᠢᠶ᠎ᠠ ᠪᠦᠭᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠤᠰ ᠬᠤᠭᠤᠴᠠᠭᠠᠨ ᠤ ᠤᠷᠠᠯᠢᠬ ᠤᠨ ᠨᠠᠶᠢᠷ ᠢᠶᠠᠷ ᠲᠠᠮᠵᠢᠭᠤᠯᠤᠨ ᠵᠠᠯᠠᠭᠤᠴᠤᠳ ᠪᠠᠭᠠᠴᠤᠳ  ᠤᠨ ᠤᠷᠠᠯᠢᠬ ᠤᠨ ᠴᠢᠳᠠᠪᠤᠷᠢᠲᠠᠨ ᠢ ᠵᠢᠱᠢᠶ᠎ᠡ ᠥᠵᠡᠬᠦᠯᠥᠨ ᠲᠠᠶᠢᠴᠢᠯᠠᠨ ᠬᠥᠮᠥᠵᠢᠬᠦᠯᠬᠦ᠂ ᠲᠠᠭᠤᠤ ᠬᠥᠭᠵᠢᠮ ᠤᠨ ᠵᠢᠭᠠᠨ ᠰᠤᠷᠭᠠᠯᠲᠠ ᠶᠢᠨ ᠴᠢᠳᠠᠪᠤᠷᠢᠳᠠᠨ ᠬᠥᠮᠥᠵᠢᠭᠦᠯᠬᠦ ᠶᠢ ᠠᠬᠢᠭᠤᠯᠬᠤ᠂ ᠰᠢᠯᠢᠳᠡᠭ ᠲᠠᠭᠤᠤ ᠬᠥᠭᠵᠢᠮ ᠤᠨ ᠴᠢᠳᠠᠪᠤᠷᠢᠲᠠᠨ ᠢ ᠢᠯᠡᠷᠡᠭᠦᠯᠬᠦ᠂ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠨᠡᠷ᠎ᠡ ᠨᠥᠯᠥᠭᠡ ᠶᠢ ᠥᠷᠭᠡᠳᠬᠡᠬᠦ ᠳᠤ ᠢᠳᠡᠪᠬᠢᠲᠡᠢ ᠦᠢᠯᠡᠳᠦᠯ ᠦᠵᠡᠭᠦᠯᠬᠦ ᠪᠣᠯᠣᠨ᠎ᠠ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号