ᠦᠪᠦᠷ ᠮᠤᠩᠭᠤᠯ ᠤᠨ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ ᠱᠠᠩᠬᠠᠢ ᠭᠤᠸᠠᠩᠵᠸᠦ ᠳᠤ ᠲᠡᠯᠭᠡᠬᠦ ᠪᠠᠷ ᠪᠣᠢ
ᠨᠡᠶᠢᠲᠡᠯᠡᠭᠰᠡᠨ ᠴᠠᠭ᠄
2019-08-16
      8 ᠰᠠᠷ᠎ᠠ ᠶᠢᠨ 13 ᠤ ᠡᠳᠦᠷ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠭᠡᠷ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠤ᠂ ︽2019 ᠦᠪᠦᠷ ᠮᠤᠩᠭᠤᠯ ᠤᠨ ᠦᠨᠦᠷ ᠠᠮᠳᠠ — ᠦᠪᠦᠷ ᠮᠤᠩᠭᠤᠯ ᠤᠨ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠦᠵᠡᠭᠦᠯᠭᠡ ᠠᠷᠠᠯᠵᠢᠶᠠᠨ ᠤ ᠬᠤᠷᠠᠯ︾ ᠤᠨ ᠲᠤᠬᠠᠢ ᠬᠠᠮᠢᠶ᠎ᠠ ᠪᠦᠬᠦᠢ ᠪᠠᠶᠢᠳᠠᠯ ᠢ ᠮᠡᠳᠡᠭᠳᠡᠵᠡᠢ᠃      ᠨᠢᠳᠤᠨᠤᠨ ᠵᠢᠯ᠂ ᠭᠤᠸᠠᠩᠵᠸᠦ ᠬᠤᠳᠠ ᠳᠤ ᠠᠩᠬᠠᠳᠤᠭᠠᠷ ᠬᠤᠭᠤᠴᠠᠭᠠᠨ ᠤ ︽ᠦᠪᠦᠷ ᠮᠤᠩᠭᠤᠯ ᠤᠨ ᠦᠨᠦᠷ ᠠᠮᠳᠠ — ᠦᠪᠦᠷ ᠮᠤᠩᠭᠤᠯ ᠤᠨ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠦᠵᠡᠭᠦᠯᠭᠡ ᠠᠷᠠᠯᠵᠢᠶᠠᠨ ᠤ ᠬᠤᠷᠠᠯ︾ ᠢ ᠬᠤᠷᠠᠯᠳᠤᠭᠤᠯᠬᠤ ᠪᠠᠷ ᠲᠠᠮᠵᠢᠨ ︽ᠦᠪᠦᠷ ᠮᠤᠩᠭᠤᠯ ᠤᠨ ᠦᠨᠦᠷ ᠠᠮᠳᠠ︾ ᠶᠢ ᠢᠮᠠᠭᠠᠳᠤ ᠬᠤᠳᠠ ᠳᠤ ᠬᠠᠩᠬᠤᠯᠤᠭᠤᠯᠤᠨ᠂ ᠡᠯᠪᠡᠭ ᠪᠠᠶᠠᠯᠢᠭ ᠦᠷ᠎ᠠ ᠪᠦᠳᠦᠮᠵᠢ ᠤᠯᠵᠠᠢ᠃ ᠠᠷᠠᠯᠵᠢᠶᠠᠨ ᠤ ᠠᠬᠤᠢ ᠲᠠᠯᠠᠪᠠᠢ ᠳᠤ᠂ ᠰᠢᠯᠢ ᠶᠢᠨ ᠭᠤᠤᠯ ᠤᠨ ᠬᠤᠨᠢᠨ ᠮᠢᠬ᠎ᠠ᠂ ᠬᠦᠯᠦᠨ ᠪᠤᠶᠢᠷ ᠤᠨ ᠬᠦᠭᠡ ᠵᠢᠮᠢᠰᠭᠡᠨ᠎ᠠ ᠪᠤᠯᠤᠨ ᠵᠦᠭᠡᠢ ᠶᠢᠨ ᠪᠠᠯ ᠵᠡᠷᠭᠡ ᠤᠷᠤᠨ ᠪᠦᠰᠡ ᠶᠢᠨ ᠲᠦᠷᠦᠯ ᠲᠡᠮᠳᠡᠭᠳᠤ ᠬᠡᠷᠡᠭᠯᠡᠭᠴᠢᠳ ᠤᠨ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃      ᠡᠨᠡ ᠵᠢᠯ ᠦᠪᠡᠷᠳᠡᠭᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠭᠢᠮ᠂ ᠰᠤᠶᠤᠯ ᠪᠤᠯᠤᠨ ᠵᠢᠭᠤᠯᠴᠢᠯᠠᠯ ᠤᠨ ᠲᠢᠩᠭᠢᠮ ᠠᠴᠠ ᠭᠤᠤᠯᠯᠠᠨ ᠡᠷᠬᠢᠯᠡᠵᠦ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠪᠠᠶᠢᠭᠤᠯᠤᠮᠵᠢ ᠬᠠᠮᠵᠢᠯᠴᠠᠨ ᠡᠷᠬᠢᠯᠡᠭᠰᠡᠨ ︽2019 ᠦᠪᠦᠷ ᠮᠤᠩᠭᠤᠯ ᠤᠨ ᠦᠨᠦᠷ ᠠᠮᠳᠠ — ᠦᠪᠦᠷ ᠮᠤᠩᠭᠤᠯ ᠤᠨ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠦᠵᠡᠭᠦᠯᠭᠡ ᠠᠷᠠᠯᠵᠢᠶᠠᠨ ᠤ ᠬᠤᠷᠠᠯ︾ ᠲᠤᠰᠪᠤᠷᠢ ᠱᠠᠩᠬᠠᠢ᠂ ᠭᠤᠸᠠᠩᠵᠸᠦ ᠬᠤᠶᠠᠷ ᠬᠤᠳᠠ ᠳᠤ ᠶᠠᠪᠤᠭᠳᠠᠨ᠎ᠠ᠃︽ᠦᠪᠦᠷ ᠮᠤᠩᠭᠤᠯ ᠤᠨ ᠦᠨᠦᠷ ᠠᠮᠳᠠ᠂ ᠪᠦᠬᠦ ᠲᠠᠯᠡᠭᠡᠢ ᠬᠠᠮᠳᠤ ᠪᠠᠷ ᠡᠳ᠋ᠯᠡᠬᠦ︾ ᠪᠠᠷ ᠭᠤᠤᠯ ᠰᠡᠳᠦᠪ ᠪᠤᠯᠭᠠᠵᠤ᠂ ︽ᠲᠦᠷᠦᠯ ᠲᠡᠮᠳᠡᠭᠳᠤ ᠶᠢ ᠴᠤᠭᠴᠠᠯᠠᠬᠤ᠂ ᠰᠤᠯᠢᠯᠴᠠᠭ᠎ᠠ ᠶᠢ ᠠᠬᠢᠭᠤᠯᠬᠤ᠂ ᠶᠠᠰᠤ ᠴᠢᠨᠠᠷ ᠢ ᠲᠡᠭᠡᠭᠰᠢᠯᠡᠭᠦᠯᠦᠨ ᠦᠷ᠎ᠠ ᠠᠰᠢᠭ ᠢ ᠨᠡᠮᠡᠭᠳᠡᠭᠦᠯᠬᠦ᠂ ᠠᠷᠠᠯᠵᠢᠶ᠎ᠠ ᠶᠢ ᠠᠬᠢᠭᠤᠯᠬᠤ︾ ᠪᠠᠷ ᠶᠡᠷᠦᠩᠬᠡᠢ ᠬᠠᠷᠠᠯᠳᠠ ᠪᠤᠯᠭᠠᠭᠰᠠᠨ ᠲᠤᠰ ᠬᠤᠭᠤᠴᠠᠭᠠᠨ ᠤ ᠠᠷᠠᠯᠵᠢᠶᠠᠨ ᠤ ᠬᠤᠷᠠᠯ ᠨᠢ ᠬᠦᠷᠢᠶ᠎ᠠ ᠬᠡᠪᠴᠢᠶ᠎ᠠ ᠪᠤᠶᠤ ᠵᠤᠬᠢᠶᠠᠨ ᠪᠠᠶᠢᠭᠤᠯᠵᠤ ᠪᠡᠯᠡᠳᠭᠡᠯ ᠬᠢᠬᠦ ᠲᠠᠯ᠎ᠠ ᠪᠠᠷ ᠪᠦᠷ ᠠᠩᠬᠠᠳᠤᠭᠠᠷ ᠬᠤᠭᠤᠴᠠᠭᠠᠨ ᠤ ᠬᠢ ᠠᠴᠠ ᠲᠡᠰ ᠲᠡᠪᠰᠢᠭᠦᠯᠵᠦ ᠦᠷᠭᠡᠳᠭᠡᠵᠡᠢ᠃      ᠱᠠᠩᠬᠠᠢ ᠳᠠᠬᠢ ᠠᠵᠢᠯᠯᠠᠭ᠎ᠠ ᠨᠢ 9 ᠰᠠᠷ᠎ᠠ ᠶᠢᠨ 5 — 8 ᠤ ᠡᠳᠦᠷ ᠪᠤᠯᠳᠠᠯ᠎ᠠ᠂ ᠱᠠᠩᠬᠠᠢ ᠬᠤᠳᠠ ᠶᠢᠨ ᠭᠤᠸᠠᠩ ᠳ᠋ᠠ ᠬᠤᠷᠠᠯ ᠦᠵᠡᠰᠭᠦᠯᠡᠩ ᠤᠨ ᠲᠦᠪ ᠲᠤ ᠶᠠᠪᠤᠭᠳᠠᠨ᠎ᠠ︔ ᠭᠤᠸᠠᠩᠵᠸᠦ ᠳᠠᠬᠢ ᠠᠵᠢᠯᠯᠠᠭ᠎ᠠ ᠨᠢ 11 ᠰᠠᠷ᠎ᠠ ᠶᠢᠨ 7 — 10 ᠤ ᠡᠳᠦᠷ ᠪᠤᠯᠳᠠᠯ᠎ᠠ᠂ ᠭᠤᠸᠠᠩᠵᠸᠦ ᠶᠢᠨ ᠪᠤᠤ ᠯᠢ ᠲᠡᠯᠡᠭᠡᠢ ᠶᠢᠨ ᠠᠷᠠᠯᠵᠢᠶᠠᠨ ᠤ ᠦᠵᠡᠰᠭᠦᠯᠡᠩ ᠤᠨ ᠤᠷᠳᠤᠨ ᠳᠤ ᠶᠠᠪᠤᠭᠳᠠᠨ᠎ᠠ᠃ ᠭᠤᠤᠯᠳᠠᠭᠤ ᠦᠪᠦᠷ ᠮᠤᠩᠭᠤᠯ ᠤᠨ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ ᠲᠡᠯᠭᠡᠨ ᠦᠵᠡᠭᠦᠯᠬᠦ ᠪᠠ ᠪᠤᠷᠤᠯᠠᠭᠤᠯᠬᠤ᠂ ᠡᠯᠧᠺᠳ᠋ᠷᠤᠨ ᠬᠤᠳᠠᠯᠳᠤᠭ᠎ᠠ ᠪᠠᠷ ᠲᠠᠷᠢᠶᠠᠯᠠᠩ ᠢ ᠬᠦᠭᠵᠢᠭᠦᠯᠬᠦ ᠰᠦᠯᠵᠢᠶᠡᠨ ᠲᠡᠭᠡᠷ᠎ᠠ ᠪᠠ ᠰᠦᠯᠵᠢᠶᠡᠨ ᠭᠠᠳᠠᠨ᠎ᠠ ᠲᠡᠯᠭᠡᠨ ᠦᠵᠡᠭᠦᠯᠵᠦ ᠪᠤᠷᠤᠯᠠᠭᠤᠯᠬᠤ᠂ ᠰᠤᠶᠤᠯ ᠵᠢᠭᠤᠯᠴᠢᠯᠠᠯ ᠤᠨ ᠶᠡᠷᠦᠩᠬᠡᠶᠢᠯᠡᠭᠰᠡᠨ ᠦᠵᠡᠭᠦᠯᠭᠡ᠂ ᠤᠨᠴᠠᠯᠢᠭᠳᠤ ᠠᠮᠳᠠᠳᠤ ᠢᠳᠡᠭᠡᠨ ᠢ ᠲᠡᠯᠭᠡᠨ ᠪᠤᠷᠤᠯᠠᠭᠤᠯᠬᠤ᠂ ᠠᠮᠰᠠᠭᠤᠯᠬᠤ ᠵᠢᠴᠢ ᠪᠤᠳᠠᠰ ᠤᠨ ᠪᠤᠰᠤ ᠰᠤᠶᠤᠯ ᠤᠨ ᠦᠪ ᠤᠨ ᠮᠡᠷᠭᠡᠵᠢᠯ ᠤᠨ ᠦᠵᠡᠭᠦᠯᠭᠡ ᠪᠠ ᠬᠤᠷᠰᠢᠯ ᠠᠵᠢᠯᠯᠠᠭ᠎ᠠ᠂ ᠤᠷᠤᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠲᠦᠷᠦᠯ ᠲᠡᠮᠳᠡᠭᠳᠤ ᠶᠢᠨ ᠲᠠᠨᠢᠯᠴᠠᠭᠤᠯᠭ᠎ᠠ᠂ ᠬᠤᠳᠠᠯᠳᠤᠨ ᠠᠪᠬᠤ ᠬᠤᠳᠠᠯᠳᠤᠭᠠᠴᠢᠨ ᠬᠢᠭᠡᠳ ᠠᠵᠤ ᠠᠬᠤᠢᠢᠯᠠᠯ ᠤᠨ ᠦᠢᠯᠡᠳᠪᠦᠷᠢᠯᠡᠯ ᠪᠤᠷᠤᠯᠠᠭᠤᠯᠭ᠎ᠠ ᠶᠢ ᠬᠠᠷᠢᠯᠴᠠᠨ ᠵᠤᠯᠭᠠᠭᠤᠯᠵᠤ ᠭᠡᠷ᠎ᠠ ᠲᠤᠭᠳᠠᠬᠤ ᠶᠤᠰᠤᠯᠠᠯ ᠵᠡᠷᠭᠡ ᠠᠭᠤᠯᠭ᠎ᠠ ᠪᠠᠷ ᠶᠠᠪᠤᠭᠳᠠᠨ᠎ᠠ᠃ ᠡᠨᠡ ᠵᠢᠯ ᠤᠨ ᠰᠤᠯᠢᠯᠴᠠᠭᠠᠨ ᠤ ᠬᠤᠷᠠᠯ ᠳᠤ᠂ ᠡᠯᠧᠺᠳ᠋ᠷᠤᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠦᠵᠡᠭᠦᠯᠭᠡ ᠶᠢᠨ ᠲᠤᠭᠤᠷᠢᠭ ᠢ ᠰᠢᠨ᠎ᠠ ᠪᠠᠷ ᠨᠡᠮᠡᠨ ᠲᠤᠬᠢᠷᠠᠭᠤᠯᠵᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号