| | | | | | ᠦᠷ᠎ᠡ ᠶᠢᠨ ᠵᠢᠯ ᠤᠳ ᠲᠤ᠂ ᠣᠢ ᠮᠣᠳᠣᠨ ᠤ ᠡᠬᠢ ᠪᠠᠶᠠᠯᠢᠭ ᠵᠢᠴᠢ ᠲᠣᠰᠬᠤᠨ ᠤ ᠠᠷᠠᠳ ᠤᠨ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠰᠢᠶᠠᠨ ᠤ ᠱᠠᠲᠤᠨ ᠤ ᠡᠯ᠎ᠡ ᠰᠠᠯᠠᠭ᠎ᠠ | ᠮᠥᠴᠢᠷ ᠤᠳ ᠮᠠᠨ ᠤ ᠰᠢᠶᠠᠨ ᠤ ᠭᠠᠯ ᠰᠡᠷᠭᠡᠶᠢᠯᠡᠬᠦ ᠠᠵᠢᠯ ᠢ ᠮᠠᠰᠢ ᠴᠢᠬᠤᠯᠠᠴᠢᠯᠠᠨ ᠦᠵᠡᠵᠦ᠂ ᠡᠯ᠎ᠡ ᠱᠠᠲᠤᠨ ᠤ | ᠤᠳᠤᠷᠢᠳᠤᠯᠭ᠎ᠠ ᠴᠤ ᠡᠨᠡᠬᠦ ᠠᠵᠢᠯ ᠢ ᠭᠤᠤᠯᠳᠠᠯᠭ᠎ᠠ ᠲᠠᠢ ᠠᠳᠬᠤᠵᠤ᠂ ᠣᠯᠠᠨ ᠵᠦᠶᠯ ᠤᠨ ᠪᠦᠲᠦᠮᠵᠢᠲᠡᠶ ᠠᠷᠭ᠎ᠠ | ᠬᠡᠮᠵᠢᠶ᠎ᠡ ᠠᠪᠴᠤ ᠰᠡᠷᠭᠡᠶᠢᠯᠡᠯᠲᠡ ᠬᠢᠪᠡ᠃ 8 ᠳ᠋ᠤᠭᠠᠷ ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ | ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠠᠩ ᠮᠢᠨ ᠴᠦᠨ ᠰᠢᠶᠠᠨ ᠤ ᠣᠢ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠰᠢᠶᠠᠩ ᠪᠠᠯᠭᠠᠰᠤᠨ ᠳᠤ | ᠭᠦᠨᠵᠡᠭᠡᠶᠢᠷᠡᠨ ᠭᠠᠯ ᠢ ᠰᠡᠷᠭᠡᠶᠢᠯᠡᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠤᠯᠲᠠ ᠬᠢᠪᠡ᠃ | ᠪᠠᠢᠴᠠᠭᠠᠨ ᠰᠤᠳᠤᠯᠤᠯᠲᠠ ᠶᠢᠨ ᠳᠤᠮᠳᠠ᠂ ᠵᠠᠩ ᠮᠢᠨ ᠴᠦᠨ ᠨᠡᠷ ᠲᠤᠬᠠᠶ ᠶᠢᠨ ᠭᠠᠵᠠᠷ ᠲᠤ ᠶᠣᠣ ᠭᠸᠦ | ᠰᠢᠶᠠᠩ᠂ ᠴᠧᠩ ᠭᠤᠸᠠᠨ ᠪᠠᠯᠭᠠᠰᠤ ᠵᠡᠷᠭᠡ ᠭᠠᠯ ᠠᠴᠠ ᠰᠡᠷᠭᠡᠶᠢᠯᠡᠬᠦ ᠡᠵᠡᠮᠳᠡᠬᠦ ᠴᠢᠭ ᠢ ᠪᠠᠶᠢᠴᠠᠭᠠᠨ ᠰᠤᠳᠤᠯᠪᠠ᠃ | ᠬᠦᠷᠦᠭᠰᠡᠨ ᠭᠠᠵᠠᠷ ᠪᠣᠯᠭᠠᠨ ᠳᠤ᠂ ᠵᠠᠩ ᠮᠢᠨ ᠴᠦᠨ ᠵᠡᠷᠭᠡ ᠬᠥᠮᠦᠰ ᠪᠦᠷ ᠰᠢᠭᠤᠶᠢᠲᠤ ᠣᠷᠣᠨ ᠤ ᠲᠦᠢᠮᠡᠷ ᠢ | ᠰᠡᠷᠭᠡᠶᠢᠯᠡᠬᠦ ᠪᠠᠶᠢᠳᠠᠯ ᠢ ᠪᠠᠶᠢᠴᠠᠭᠠᠨ ᠦᠵᠡᠵᠦ᠂ ᠲᠣᠰ ᠭᠠᠵᠠᠷ ᠣᠷᠣᠨ ᠤ ᠣᠢ ᠰᠢᠭᠤᠶ ᠶᠢ ᠬᠠᠮᠠᠭᠠᠯᠠᠵᠤ ᠲᠦᠢᠮᠡᠷ ᠢ | ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠣᠭᠲᠠᠴᠠ᠂ ᠲᠣᠭᠤᠷᠢᠨ ᠪᠠᠶᠢᠴᠠᠭᠠᠭᠰᠠᠨ ᠪᠠᠶᠢᠳᠠᠯ ᠵᠢᠴᠢ ᠵᠢᠵᠢᠭᠦᠷᠯᠡᠨ | ᠰᠠᠬᠢᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠡᠭᠡᠯ ᠠᠷᠠᠳ ᠤᠨ ᠪᠠᠶᠠᠷ ᠤᠨ ᠡᠳᠦᠷ ᠤᠨ ᠬᠤᠭᠤᠴᠠᠭᠠᠨ ᠳᠠᠬᠢ | ᠲᠦᠢᠮᠡᠷ ᠤᠨ ᠠᠮᠤᠷ ᠲᠦᠪᠰᠢᠨ ᠢ ᠭᠦᠶᠴᠡᠳ ᠪᠠᠲᠤᠯᠠᠪᠠ᠃ ᠡᠭᠦᠨ ᠤ ᠬᠠᠮᠲᠤ ᠣᠢ ᠰᠢᠭᠤᠶ ᠬᠠᠮᠠᠭᠠᠯᠠᠭᠴᠢ | ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠶ ᠭᠦᠶᠴᠡᠳᠬᠡᠵᠦ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠶᠢ | ᠣᠯᠵᠤ ᠮᠡᠳᠡᠪᠡᠯ ᠴᠠᠭ ᠲᠤᠬᠠᠶ ᠳᠤᠨᠢ ᠬᠤᠷᠢᠭᠯᠠᠨ ᠵᠣᠭᠰᠣᠭᠠᠵᠤ᠂ ᠭᠠᠯ ᠤᠨ ᠠᠶᠤᠯ ᠤᠨ ᠳᠠᠯᠳᠠ ᠭᠡᠮ ᠢ | ᠪᠠᠭᠠᠰᠬᠠᠬᠤ ᠬᠡᠷᠡᠭᠲᠡᠶ ᠭᠡᠵᠦ ᠵᠠᠬᠢᠪᠠ᠃ | ᠵᠠᠩ ᠮᠢᠨ ᠴᠦᠨ ᠴᠢᠬᠤᠯᠠᠴᠢᠯᠠᠭᠰᠠᠨ ᠨᠢ᠂ ᠨᠠᠮᠤᠷ ᠪᠣᠯᠤᠭᠰᠠᠨ ᠠᠴᠠ ᠨᠠᠰᠢ᠂ ᠠᠭᠠᠷ ᠤᠨ ᠳᠤᠯᠠᠭᠠᠨ | ᠪᠠᠭᠤᠷᠠᠬᠤ ᠶᠢ ᠳᠠᠭᠠᠯᠳᠤᠨ᠂ ᠶᠡᠭᠡ ᠰᠠᠯᠬᠢᠨ ᠤ ᠴᠠᠭ ᠠᠭᠤᠷ ᠨᠡᠮᠡᠭᠳᠡᠵᠦ᠂ ᠠᠮᠠᠷᠬᠠᠨ ᠭᠠᠯ ᠤᠨ ᠠᠶᠤᠯ ᠡᠭᠦᠰᠳᠡᠭ᠂ | ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠵᠢᠵᠢᠭᠦᠷᠯᠡᠬᠦ ᠪᠠ ᠠᠵᠢᠯ ᠳᠤ ᠪᠡᠯᠡᠳᠬᠡᠬᠦ ᠪᠠᠨ ᠴᠢᠩᠭᠠᠳᠬᠠᠨ᠂ ᠡᠯ᠎ᠡ ᠵᠦᠶᠯ ᠤᠨ ᠳᠦᠷᠢᠮ ᠢ ᠴᠢᠩᠭ᠎ᠠ | ᠨᠠᠢᠳᠠᠪᠤᠷᠢᠵᠢᠭᠤᠯᠵᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ︔ | ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠵᠦ᠂ ᠣᠯᠠᠨ ᠲᠦᠮᠡᠨ ᠤ ᠬᠠᠤᠯᠢ ᠴᠠᠭᠠᠵᠠ ᠶᠢᠨ ᠦᠵᠡᠯ ᠤᠬᠠᠮᠰᠠᠷ᠂ | ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠂ ᠪᠦᠬᠦ ᠠᠷᠠᠳ ᠤᠨ ᠳᠤᠮᠳᠠ 《 ᠭᠠᠯ ᠠᠴᠠ ᠰᠡᠷᠭᠡᠶᠢᠯᠡᠬᠦ | ᠠᠮᠤᠷ ᠲᠦᠪᠰᠢᠨ᠂ ᠬᠥᠮᠦᠨ ᠪᠦᠬᠦᠨ ᠬᠠᠷᠢᠭᠤᠴᠠᠯᠭ᠎ᠠ ᠲᠠᠢ 》 ᠦᠵᠡᠯ ᠤᠬᠠᠮᠰᠠᠷ ᠢ ᠪᠤᠢ ᠪᠣᠯᠭᠠᠵᠤ᠂ ᠠᠮᠢ ᠠᠬᠤᠢ | ᠶᠢᠨ ᠠᠮᠤᠷ ᠲᠦᠪᠰᠢᠨ ᠢ ᠬᠠᠮᠠᠭᠠᠯᠠᠨ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ | ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃ | | |