ᠶᠦᠨ ᠬᠠᠢ ᠰᠢᠶᠠᠩ ᠪᠠᠯᠭᠠᠰᠤᠨ ᠳᠤ ᠭᠦᠨᠵᠡᠭᠡᠶᠢᠷᠡᠵᠦ ᠰᠢᠷᠦᠭᠦᠨ ᠪᠣᠷᠣᠭᠠᠨ ᠤ ᠭᠠᠮᠰᠢᠭ ᠤᠨ ᠪᠠᠶᠢᠳᠠᠯ ᠢ ᠪᠠᠶᠢᠴᠠᠭᠠᠨ ᠦᠵᠡᠵᠦ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2019-08-19
     8 ᠰᠠᠷ᠎ᠠ ᠶᠢᠨ 5 ᠤ ᠦᠳᠡ ᠶᠢᠨ ᠬᠤᠶᠢᠨ᠎ᠠ᠂ ᠦᠴᠤᠸᠠᠨ ᠰᠢᠶᠠᠨ ᠳᠤ ᠰᠢᠷᠦᠭᠦᠨ ᠪᠣᠷᠣᠭᠠᠨ ᠣᠷᠣᠵᠤ᠂ ᠬᠡᠰᠡᠭ ᠰᠢᠶᠠᠩ ᠪᠠᠯᠭᠠᠰᠤ ᠲᠣᠰᠬᠤᠨ ᠠᠳᠠᠯᠢ ᠪᠤᠰᠤ ᠬᠡᠮᠵᠢᠶ᠎ᠡ ᠪᠠᠷ ᠭᠠᠮᠰᠢᠭ ᠲᠤ ᠤᠴᠠᠷᠠᠪᠠ᠃      8 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ᠂ ᠳᠡᠭᠡᠷ᠎ᠡ ᠲᠣᠬᠤᠢ ᠰᠢᠶᠠᠩ ᠪᠠ ᠬᠤᠭᠤᠯᠠᠢ ᠠᠭᠤᠯᠠ ᠰᠢᠶᠠᠩ ᠳᠤ ᠲᠣᠰ ᠲᠣᠰ ᠭᠦᠨᠵᠡᠭᠡᠶᠢᠷᠡᠵᠦ᠂ ᠰᠢᠷᠦᠭᠦᠨ ᠪᠣᠷᠤᠭᠠᠨ ᠳᠤ ᠳᠠᠭᠠᠷᠢᠭᠳᠠᠭᠰᠠᠨ ᠲᠠᠷᠢᠮᠠᠯ ᠤᠨ ᠵᠦᠢᠯ ᠢ ᠵᠠᠮ ᠳᠠᠭᠠᠤ ᠪᠠᠶᠢᠴᠠᠭᠠᠨ ᠦᠵᠡᠭᠰᠡᠨ ᠪᠥᠭᠡᠳ ᠲᠤᠬᠠᠶ ᠶᠢᠨ ᠲᠠᠯᠠᠪᠠᠢ ᠳᠤ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠪᠠ᠃      ᠵᠠᠮ ᠤᠨ ᠬᠤᠶᠠᠷ ᠲᠠᠯ᠎ᠠ ᠶᠢᠨ ᠴᠥᠭᠡᠨ ᠪᠤᠰᠤ ᠪᠤᠭᠤᠳᠠᠢ᠂ ᠲᠥᠮᠥᠰᠥ ᠵᠡᠷᠭᠡ ᠲᠠᠷᠢᠮᠠᠯ ᠦᠶᠡᠷ ᠤᠨ ᠤᠰᠤ᠂ ᠰᠢᠪᠠᠷ ᠰᠢᠷᠤᠢ ᠳᠤ ᠢᠳᠡᠭᠳᠡᠭᠰᠡᠨ ᠤ ᠤᠯᠠᠮ ᠢᠶᠠᠷ ᠬᠤᠷᠢᠶᠠᠯᠲᠠ ᠬᠠᠰᠤᠭᠳᠠᠵᠤ ᠵᠠᠷᠢᠮ ᠨᠢ ᠪᠥᠬᠦᠨ ᠢᠶᠠᠷ ᠢᠶᠠᠨ ᠤᠷᠤᠰᠬᠠᠭᠳᠠᠭᠰᠠᠨ ᠪᠠᠶᠢᠨ᠎ᠠ᠃ ᠶᠦᠨ ᠬᠠᠢ ᠵᠢᠭᠠᠵᠤ ᠭᠠᠷᠭᠠᠭᠰᠠᠨ ᠨᠢ᠂ ᠲᠣᠰᠬᠤᠨ ᠤ ᠠᠷᠠᠳ ᠤᠨ ᠭᠠᠮᠰᠢᠭᠳᠠᠭᠰᠠᠨ ᠪᠠᠶᠢᠳᠠᠯ ᠢ ᠲᠥᠷᠭᠡᠨ ᠣᠨᠣᠪᠴᠢᠲᠠᠶ ᠬᠢᠨᠠᠨ ᠬᠠᠷᠭᠤᠭᠤᠯᠬᠤ ᠶᠢᠨ ᠬᠠᠮᠲᠤ ᠲᠠᠷᠢᠶᠠᠯᠠᠩ ᠤᠨ ᠲᠠᠯ᠎ᠠ ᠶᠢᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠭᠠᠮᠰᠢᠭᠳᠠᠭᠰᠠᠨ ᠣᠯᠠᠨ ᠲᠦᠮᠡᠨ ᠢ ᠵᠢᠯᠣᠭᠤᠳᠤᠨ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠦᠢᠯᠡᠳᠪᠦᠷᠢᠯᠡᠯ ᠤᠨ ᠠᠵᠢᠯ ᠢ ᠥᠷᠨᠢᠭᠦᠯᠵᠦ᠂ ᠭᠠᠮᠰᠢᠭ ᠤᠨ ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠬᠤ ᠪᠠᠷ ᠴᠢᠷᠮᠠᠶᠢᠬᠤ ᠬᠡᠷᠡᠭᠲᠡᠶ ᠭᠡᠵᠡᠶ᠃      ᠬᠤᠭᠤᠯᠠᠢ ᠠᠭᠤᠯᠠ ᠰᠢᠶᠠᠩ ᠤᠨ ᠮᠧᠩ ᠾᠧ ᠶᠤᠸᠠᠨ ᠮᠥᠭᠦ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ᠂ ᠶᠦᠨ ᠬᠠᠢ ᠰᠢᠷᠦᠭᠦᠨ ᠪᠣᠷᠣᠭᠠᠨ ᠳᠤ ᠨᠤᠷᠠᠭᠰᠠᠨ ᠮᠥᠭᠦ ᠶᠢᠨ ᠰᠠᠷᠠᠪᠴᠢ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠂ ᠲᠡᠷᠡ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠭᠠᠮᠰᠢᠭᠳᠠᠭᠰᠠᠨ ᠪᠠᠶᠢᠳᠠᠯ ᠢᠶᠠᠨ ᠳᠠᠷᠤᠢ ᠲᠦᠷᠭᠡᠨ ᠣᠨᠣᠪᠴᠢᠲᠠᠶ ᠪᠦᠷᠢᠳᠬᠡᠬᠦ ᠶᠢᠨ ᠬᠠᠮᠲᠤ ᠳᠡᠭᠡᠭᠰᠢ ᠮᠡᠳᠡᠭᠦᠯᠬᠦ ᠪᠥᠭᠡᠳ ᠣᠶᠢᠷ᠎ᠠ ᠶᠢᠨ ᠬᠤᠭᠤᠴᠠᠭᠠᠨ ᠤ ᠪᠣᠷᠣᠭᠠᠨ ᠤ ᠤᠯᠠᠷᠢᠯ ᠤᠨ ᠭᠠᠮᠰᠢᠭ ᠤᠨ ᠪᠠᠶᠢᠳᠠᠯ ᠢ ᠤᠷᠢᠳᠴᠢᠯᠠᠨ ᠰᠡᠷᠭᠡᠶᠢᠯᠡᠬᠦ ᠪᠠ ᠠᠶᠤᠯ ᠠᠴᠠ ᠠᠪᠤᠷᠠᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠪᠡ᠃      8 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂  ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠨᠠᠷ ᠯᠢᠦ ᠵᠢᠤᠢ ᠨᠢᠤ ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ ᠣᠶᠢᠷ᠎ᠠ ᠶᠢᠨ ᠡᠳᠦᠷ ᠤᠨ ᠦᠶᠡᠷ ᠲᠤ ᠡᠪᠳᠡᠭᠳᠡᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠶᠠᠪᠤᠵᠤ ᠰᠠᠭᠤᠵᠤ ᠪᠠᠶᠢᠭ᠎ᠠ ᠪᠠᠶᠢᠳᠠᠯ ᠢ ᠯᠠᠪᠯᠠᠨ ᠠᠰᠠᠭᠤᠭᠰᠠᠨ ᠪᠥᠭᠡᠳ ᠵᠠᠮ ᠱᠣᠭᠤᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠠᠷᠠᠴᠢᠯᠠᠨ ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠬᠡᠷᠡᠭ ᠶᠠᠪᠤᠳᠠᠯ ᠢ ᠰᠤᠳᠤᠯᠤᠨ ᠰᠢᠢᠳᠪᠦᠷᠢᠯᠡᠪᠡ᠃      ᠶᠦᠨ ᠬᠠᠢ ᠪᠠᠰᠠ ᠤᠶᠢᠷ᠎ᠠ ᠶᠢᠨ ᠡᠳᠦᠷ ᠵᠠᠯᠭᠠᠭ᠎ᠠ ᠪᠠᠷ ᠶᠡᠭᠡ ᠪᠣᠷᠣᠭᠠᠨ ᠣᠷᠣᠵᠤ᠂ ᠣᠯᠠᠨ ᠭᠠᠵᠠᠷ ᠲᠤ  ᠵᠠᠮ ᠤᠨ ᠭᠠᠳᠠᠷᠭᠤ ᠡᠪᠳᠡᠭᠳᠡᠭᠰᠡᠨ ᠦᠵᠡᠭᠳᠡᠯ ᠤᠨ ᠲᠤᠬᠠᠢ ᠵᠢᠭᠠᠪᠤᠷᠢ ᠥᠭᠴᠦ᠂ ᠡᠯ᠎ᠡ ᠰᠢᠶᠠᠩ ᠪᠠᠯᠭᠠᠰᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠠᠯᠳᠠ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠵᠤ᠂ ᠤᠰᠤᠨ ᠳᠤ ᠡᠪᠳᠡᠭᠳᠡᠭᠰᠡᠨ ᠵᠠᠮ ᠤᠨ ᠭᠠᠳᠠᠷᠭᠤ ᠶᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠡᠷᠬᠡᠪᠰᠢ ᠲᠡᠷᠡ ᠳᠠᠷᠤᠶ ᠳᠤᠨᠢ ᠰᠡᠷᠡᠮᠵᠢ ᠶᠢᠨ ᠫᠠᠶᠢᠰᠠ ᠪᠣᠰᠬᠠᠵᠤ᠂ ᠡᠪᠳᠡᠭᠳᠡᠭᠰᠡᠨ ᠵᠠᠮ ᠤᠨ ᠭᠠᠳᠠᠷᠭᠤ ᠶᠢ ᠴᠠᠭ ᠲᠤᠬᠠᠶ ᠳᠤᠨᠢ ᠵᠠᠰᠠᠨ ᠰᠡᠯᠪᠢᠵᠤ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃     ᠰᠢᠶᠠᠨ ᠤ ᠤᠳᠤᠷᠢᠳᠤᠯᠭ᠎ᠠ ᠫᠧᠩ ᠱᠣᠣ ᠴᠥᠩ᠂ ᠵᠠᠩ ᠬᠠᠢ ᠲᠤᠤ ᠨᠠᠷ ᠪᠠᠷ᠎ᠠ ᠪᠣᠯᠪᠠ᠃ ︵ᠶᠠᠩ ᠯᠢ ᠹᠠᠩ᠂ ᠯᠢ ᠯᠢ ᠴᠢᠶᠦ᠋ᠨ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号