| | | 8 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ ᠳᠡᠳ᠋ | ᠡᠷᠬᠢᠯᠡᠭᠴᠢ ᠰᠠᠷᠠᠨ ᠨᠠᠷ ᠮᠠᠨ ᠤ ᠰᠢᠶᠠᠨ ᠳᠤ ᠢᠷᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠣᠯᠠᠭ᠎ᠠ ᠶᠢᠨ ᠬᠠᠣᠯᠢ﹀ ᠶᠢ | ᠬᠡᠷᠡᠭᠵᠢᠭᠦᠯᠬᠦ ᠠᠷᠭ᠎ᠠ︾ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠨ ᠰᠤᠳᠤᠯᠤᠯᠲᠠ ᠬᠢᠪᠡ᠃ | ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠰᠢᠶᠠᠨ ᠤ | ᠡᠮᠨᠡᠯᠭᠡ ᠶᠢᠨ ᠬᠤᠷᠢᠶᠠᠨ ᠤ ᠡᠷᠡᠭᠦᠯᠵᠢᠯ ᠤᠨ ᠰᠠᠯᠠᠭ᠎ᠠ᠂ ᠴᠧᠩ ᠭᠤᠸᠠᠨ ᠪᠠᠯᠭᠠᠰᠤᠨ ᠤ ᠴᠢ ᠫᠠᠨ ᠶᠢᠩ ᠨᠡᠶᠢᠭᠡᠮ | ᠲᠣᠭᠤᠷᠢᠭ ᠤᠨ ᠡᠷᠡᠭᠦᠯᠵᠢᠯ ᠤᠨ ᠲᠥᠪ ᠲᠤ ᠭᠦᠨᠵᠡᠭᠡᠶᠢᠷᠡᠨ ᠵᠡᠮᠳᠡᠭᠴᠦᠳ ᠤᠨ ᠡᠮᠴᠢᠯᠡᠭᠡ ᠡᠷᠡᠭᠦᠯᠵᠢᠯ ᠤᠨ ᠪᠠᠶᠢᠳᠠᠯ | ᠪᠣᠯᠣᠨ ᠵᠡᠮᠳᠡᠭᠴᠦᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠶᠢᠳᠠᠯ ᠢ ᠨᠠᠷᠢᠨ ᠣᠶᠢᠯᠭᠠᠭᠰᠠᠨ ᠪᠥᠭᠡᠳ ᠲᠡᠳᠡᠨᠦᠰ ᠢ | ᠵᠡᠮᠳᠡᠭᠴᠦᠳ ᠤᠨ ᠵᠣᠷᠢᠭ ᠰᠠᠨᠠᠭ᠎ᠠ ᠶᠢ ᠪᠠᠳᠠᠷᠠᠭᠤᠯᠣᠨ᠂ ᠨᠠᠩ ᠵᠣᠯ ᠵᠢᠷᠭᠠᠯ ᠲᠠᠢ ᠰᠠᠶᠢᠨ ᠰᠠᠶᠢᠬᠠᠨ ᠠᠮᠢᠳᠤᠷᠠᠯ ᠢ | ᠴᠢᠷᠮᠠᠶᠢᠨ ᠴᠣᠭᠴᠠᠯᠠᠬᠤ ᠶᠢ ᠵᠣᠷᠢᠭᠵᠢᠭᠤᠯᠵᠠᠶ᠃ | ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠨ ᠰᠤᠳᠤᠯᠬᠤ ᠳᠣᠭᠤᠶᠢᠯᠠᠩ ᠮᠠᠨ ᠤ ᠰᠢᠶᠠᠨ ᠤ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠡᠮᠳᠡᠭᠴᠦᠳ ᠤᠨ ᠪᠠᠲᠣᠯᠠᠭ᠎ᠠ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢ ᠲᠣᠭᠤᠰᠢᠯᠠᠭᠤᠯᠣᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠦᠢᠴᠡᠳ ᠨᠤᠲᠠᠯᠠᠬᠤ ᠶᠢᠨ ᠬᠠᠮᠲᠤ᠂ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠬᠢᠨ ᠵᠡᠮᠳᠡᠭᠴᠦᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠡᠮᠳᠡᠭᠴᠦᠳ ᠤᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠵᠣ᠂ ᠵᠡᠮᠳᠡᠭᠴᠦᠳ ᠤᠨ ᠦᠨᠳᠦᠰᠦᠨ ᠠᠮᠢᠳᠤᠷᠠᠯ᠂ ᠡᠷᠡᠭᠦᠯᠵᠢᠯ᠂ ᠰᠤᠷᠭᠠᠨ | ᠬᠥᠮᠦᠵᠢᠯ᠂ ᠠᠵᠢᠯ ᠣᠯᠭᠤᠯᠲᠠ᠂ ᠰᠣᠶᠣᠯ ᠵᠡᠷᠭᠡ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ | ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ | ᠥᠷᠭᠡᠨ ᠣᠯᠠᠨ ᠵᠡᠮᠳᠡᠭᠴᠦᠳ ᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠡᠷᠬᠡ ᠲᠡᠭᠰᠢ᠂ ᠥᠷᠭᠡᠨ ᠢᠶᠠᠷ | ᠣᠷᠣᠯᠴᠠᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠵᠦ᠂ ᠪᠦᠬᠦ | ᠨᠡᠶᠢᠭᠡᠮ ᠳᠤ ᠵᠡᠮᠳᠡᠭᠴᠦᠳ ᠢ ᠬᠦᠨᠳᠦᠳᠬᠡᠬᠦ᠂ ᠬᠠᠯᠠᠮᠵᠢᠯᠠᠬᠤ ᠪᠠ ᠬᠠᠪᠰᠤᠷᠬᠤ ᠭᠦᠨ ᠵᠤᠵᠠᠭᠠᠨ ᠠᠭᠤᠷ ᠠᠮᠢᠰᠬᠤᠯ ᠢ | ᠪᠤᠢ ᠪᠣᠯᠭᠠᠵᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠣ | ᠭᠠᠷᠭᠠᠪᠠ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ | ᠵᠥᠪᠯᠡᠯ ᠤᠨ ᠡᠷᠬᠢᠯᠡᠭᠴᠢ ᠭᠡᠰᠢᠭᠦᠨ ᠯᠠᠨ ᠵᠦᠸᠧ ᠰᠢᠶᠠ᠂ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠬᠡᠷᠡᠭ | ᠡᠷᠬᠢᠯᠡᠭᠴᠢᠳ ᠤᠨ ᠳᠠᠷᠤᠭ᠎ᠠ ᠯᠠᠩ ᠱᠣ᠋ ᠮᠢᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠭᠤᠤ ᠵᠢᠶᠠᠨ ᠶᠢᠩ ᠵᠢᠴᠢ ᠰᠢᠶᠠᠨ ᠤ ᠵᠡᠮᠳᠡᠭᠴᠦᠳ ᠤᠨ | ᠬᠤᠯᠪᠣᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ |