ᠲᠤᠯᠤᠲᠤᠭᠠᠷ ᠤᠲᠠᠭᠠᠨ ᠤ ︽ᠨᠤᠮ ᠡᠷᠳᠡᠨᠢ︾ ᠬᠡᠦᠬᠡᠳ ᠪᠠᠭᠠᠴᠤᠳ ᠤᠨ ᠮᠤᠩᠭᠤᠯ ᠰᠢᠯᠦᠭ ᠤᠨ ᠤᠷᠤᠯᠲᠤᠭᠠᠨ ᠬᠦᠬᠡᠬᠤᠲᠠ ᠳᠤ ᠪᠤᠯᠪᠠ
ᠨᠡᠶᠢᠲᠡᠯᠡᠭᠰᠡᠨ ᠴᠠᠭ᠄
2019-08-19
      ᠰᠢᠨᠬᠤᠧᠠ ᠮᠤᠩᠭᠤᠯ ᠨᠧᠲ ᠬᠦᠬᠡᠬᠤᠲᠠ ᠶᠢᠨ 8 ᠰᠠᠷ᠎ᠠ ᠶᠢᠨ 17 ᠤ ᠡᠲᠦᠷ ᠤᠨ ᠴᠠᠬᠢᠯᠭᠠᠨ ᠮᠡᠲᠡᠭᠡ ︵ᠬ᠊᠂ ᠦᠵᠡᠰᠭᠦᠯᠡᠩ︶ 17 ᠤ ᠡᠲᠦᠷ᠂ ᠰᠢᠨ᠎ᠡ ᠲᠤᠮᠲᠠᠲᠤ ᠤᠯᠤᠰ ᠪᠠᠢᠭᠤᠯᠤᠭᠲᠠᠭᠰᠠᠨ 70 ᠵᠢᠯ ᠤᠨ ᠤᠢ ᠶᠢ ᠪᠡᠯᠭᠡᠯᠡᠨ᠂ ᠪᠠᠭᠠᠴᠤᠳ ᠬᠡᠦᠬᠡᠳ ᠲᠡᠭᠡᠨ ᠮᠤᠩᠭᠤᠯ ᠰᠢᠯᠦᠭ ᠤᠨ ᠢᠷᠠᠭᠤ ᠰᠠᠶᠢᠬᠠᠨ ᠢ ᠮᠡᠲᠡᠷᠠᠬᠦᠯᠵᠦ᠂ ᠡᠬᠡ ᠬᠡᠯᠡ ᠪᠠᠷ ᠢᠶᠠᠨ ᠤᠷ᠎ᠠ ᠠᠪᠢᠶᠠᠰ ᠢᠶᠠᠨ ᠪᠠᠲᠠᠷᠠᠭᠤᠯᠬᠤ ᠲᠠᠪᠴᠠᠩ ᠬᠠᠩᠭᠠᠨ ᠮᠤᠩᠭᠤᠯ ᠦᠭᠡ ᠬᠡᠯᠡ ᠦᠰᠦᠭ ᠪᠢᠴᠢᠭ ᠢᠶᠠᠨ ᠪᠠᠭ᠋ᠠᠷᠬᠠᠨ ᠰᠤᠷᠬᠤ ᠵᠤᠷᠢᠯᠭ᠎ᠠ ᠪᠠᠷ ᠦᠪᠦᠷ ᠮᠤᠩᠭᠤᠯ ᠤᠨ ᠨᠤᠮ ᠤᠨ ᠰᠠᠩ ᠠᠴᠠ ᠲᠤᠯᠤᠲᠤᠭᠠᠷ ᠤᠲᠠᠭᠠᠨ ᠤ ︽ᠨᠤᠮ ᠡᠷᠳᠡᠨᠢ︾ ᠬᠡᠦᠬᠡᠳ ᠪᠠᠭᠠᠴᠤᠳ ᠤᠨ ᠮᠤᠩᠭᠤᠯ ᠰᠢᠯᠦᠭ ᠤᠨ ᠤᠷᠤᠯᠲᠤᠭᠠᠨ ᠢ ᠬᠦᠬᠡᠬᠤᠲᠠ ᠳᠤ ᠵᠤᠬᠢᠶᠠᠨ ᠶᠠᠪᠤᠭᠲᠠᠭᠤᠯᠵᠠᠢ᠃      ᠣᠶᠢᠯᠭᠠᠭᠰᠠᠨ ᠢᠶᠠᠷ᠂ ᠡᠨᠡ ᠬᠦ ᠤᠷᠤᠯᠲᠤᠭᠠᠨ ᠳᠤ ᠤᠷᠤᠨ ᠲᠠᠶᠠᠭᠠᠷ ᠤᠨ 250 ᠭᠠᠷᠤᠢ ᠪᠠᠭᠠᠴᠤᠳ ᠬᠡᠦᠬᠡᠳ ᠨᠡᠷ᠎ᠡ ᠪᠦᠷᠢᠳᠭᠡᠬᠦᠯᠦᠨ ᠤᠷᠤᠯᠴᠠᠵᠤ ᠠᠩᠬᠠᠨ ᠤ ᠰᠢᠯᠭᠠᠷᠠᠭᠤᠯᠤᠯᠲᠠ ᠪᠠᠷ ᠴᠡᠴᠡᠷᠯᠢᠭ ᠤᠨ ᠪᠠᠭ ᠲᠤ 18 ᠬᠡᠦᠬᠡᠳ᠂ ᠪᠠᠭ᠎ᠠ ᠰᠤᠷᠭᠠᠭᠤᠯᠢ ᠶᠢᠨ ᠲᠤᠤᠷ ᠎ᠠ ᠤᠨ ᠤ ᠪᠠᠭ ᠲᠤ 30 ᠬᠡᠦᠬᠡᠳ᠂ ᠪᠠᠭ᠎ᠠ ᠰᠤᠷᠭᠠᠭᠤᠯᠢ ᠶᠢᠨ ᠲᠡᠭᠡᠷ᠎ᠡ ᠤᠨ ᠤ ᠪᠠᠭ ᠲᠤ 22 ᠬᠡᠦᠬᠡᠳ ᠰᠢᠢᠳᠪᠦᠷᠢᠲᠤ ᠤᠷᠤᠯᠲᠤᠭᠠᠨ ᠳᠤ ᠤᠷᠤᠯᠴᠠᠵᠤ ᠰᠢᠭᠦᠭᠴᠢᠳ ᠤᠨ ᠲᠦᠪ ᠭᠤᠤᠯᠴᠢ ᠤᠨᠤᠭ᠎ᠠ ᠦᠭᠭᠦᠯᠲᠡ ᠪᠠᠷ ᠴᠡᠴᠡᠷᠯᠢᠭ ᠤᠨ ᠪᠠᠭ ᠲᠤ ᠵᠡᠬᠦᠨ ᠦᠵᠦᠮᠦᠴᠢᠨ ᠬᠤᠰᠢᠭᠤᠨ ᠤ ᠲᠤᠭᠲᠠᠬᠤᠮ᠎ᠠ᠂ ᠪᠠᠭ᠎ᠠ ᠰᠤᠷᠭᠠᠭᠤᠯᠢ ᠶᠢᠨ ᠲᠤᠤᠷ᠎ᠠ ᠤᠨ ᠤ ᠪᠠᠭ ᠲᠤ ᠡᠷᠢᠶᠡᠨ ᠬᠤᠲᠠ ᠶᠢᠨ ᠤᠷᠠᠯᠢᠭ᠂ ᠪᠠᠭ᠎ᠠ ᠰᠤᠷᠭᠠᠭᠤᠯᠢ ᠶᠢᠨ ᠲᠡᠭᠡᠷ᠎ᠡ ᠤᠨ ᠤ ᠪᠠᠭ ᠲᠤ ᠡᠷᠢᠶᠠᠨ ᠬᠤᠲᠠ ᠶᠢᠨ ᠴᠢᠮᠪᠠᠢ ᠦᠵᠦᠭᠦᠷᠯᠡᠭᠰᠡᠨ ᠪᠠᠶᠢᠨ᠎ᠠ᠃
ᠴᠡᠴᠡᠷᠯᠢᠭ ᠤᠨ ᠪᠠᠭ ᠤᠨ ᠲᠡᠷᠢᠬᠦᠨ ᠵᠡᠬᠦᠨ ᠦᠵᠦᠮᠦᠴᠢᠨ ᠬᠤᠰᠢᠭᠤᠨ ᠤ ᠲᠤᠭᠲᠠᠬᠤᠮ᠎ᠠ
ᠪᠠᠭ᠎ᠠ ᠰᠤᠷᠭᠠᠭᠤᠯᠢ ᠶᠢᠨ ᠲᠤᠤᠷ᠎ᠠ ᠤᠨ ᠤ ᠪᠠᠭ ᠤᠨ ᠲᠡᠷᠢᠬᠦᠨ ᠡᠷᠢᠶᠡᠨ ᠬᠤᠲᠠ ᠶᠢᠨ ᠤᠷᠠᠯᠢᠭ
ᠪᠠᠭ᠎ᠠ ᠰᠤᠷᠭᠠᠭᠤᠯᠢ ᠶᠢᠨ ᠲᠡᠭᠡᠷ᠎ᠡ ᠤᠨ ᠤ ᠪᠠᠭ ᠤᠨ ᠲᠡᠷᠢᠬᠦᠨ ᠡᠷᠢᠶᠠᠨ ᠬᠤᠲᠠ ᠶᠢᠨ ᠴᠢᠮᠪᠠᠢ       ᠲᠤᠯᠤᠳᠡᠬᠢ ᠵᠢᠯ ᠳᠡᠭᠡᠨ ᠵᠤᠬᠢᠶᠠᠨ ᠪᠠᠢᠭᠤᠯᠤᠭᠲᠠᠵᠤ ᠪᠠᠶᠢᠭ᠎ᠠ ᠡᠨᠡ ᠬᠦ ᠤᠷᠤᠯᠲᠤᠭᠠᠨ ᠨᠢ ᠤᠷᠤᠨ ᠲᠠᠶᠠᠭᠠᠷ ᠤᠨ ᠬᠡᠦᠬᠡᠳ ᠪᠠᠭᠠᠴᠤᠳ ᠤᠨ ᠮᠤᠩᠭᠤᠯ ᠨᠤᠮ ᠢᠶᠠᠨ ᠤᠩᠰᠢᠬᠤ ᠤᠷᠮ ᠎ᠠ ᠪᠠᠬ᠎ᠠ ᠶᠢ ᠬᠦᠭᠵᠢᠭᠡᠨ᠂ ᠨᠤᠮ ᠤᠩᠰᠢᠬᠤ ᠰᠠᠶᠢᠬᠠᠨ ᠲᠠᠳᠬᠠᠯ ᠢ ᠪᠤᠢ ᠪᠤᠯᠭᠠᠵᠤ ᠮᠤᠩᠭᠤᠯ ᠬᠡᠯᠡᠨ ᠤ ᠪᠡᠷᠢᠮᠵᠢᠶ ᠎ᠠ ᠠᠪᠢᠶᠠᠨ ᠤ ᠰᠤᠷᠤᠯᠴᠠᠯᠭ᠎ᠠ ᠶᠢ ᠠᠬᠢᠭᠤᠯᠬᠤ ᠳᠤ ᠲᠤᠰᠠ ᠦᠵᠡᠬᠦᠯᠬᠦ ᠪᠤᠯᠤᠨ᠎ᠠ᠃ ︵ᠵᠢᠷᠤᠭ ᠢ ᠦᠪᠦᠷ ᠮᠤᠩᠬᠤᠯ ᠤᠨ ᠨᠤᠮ ᠤᠨ ᠰᠠᠩ ᠠᠴᠠ ᠬᠠᠩᠭᠠᠪᠠ︶
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号