7 ᠳ᠋ᠤᠭᠠᠷ ᠰᠠᠷ᠎ᠠ ᠶᠢᠨ 30 ᠤ ᠡᠳᠦᠷ᠂ 31 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠦᠨ ᠵᠢᠶᠠᠨ ᠳ᠋ᠦᠩ ᠴᠢᠩ ᠱᠦᠶ ᠾᠧ ᠰᠢᠶᠠᠨ | ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠰᠢᠨᠵᠢᠯᠡᠨ ᠪᠠᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠨᠢᠭᠲᠠ ᠤᠶᠠᠯᠳᠤᠭᠤᠯᠵᠤ᠂ ᠠᠮᠢ ᠠᠬᠤᠶ ᠶᠢ ᠤᠷᠢᠳ ᠢᠶᠠᠷ | ᠪᠣᠳᠣᠯᠬᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ | ᠶᠢᠨ ᠵᠠᠮ ᠢᠶᠠᠷ ᠯᠠᠪᠳᠠᠭᠤᠨ ᠪᠠᠲᠤᠲᠠᠶ ᠵᠠᠮᠨᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠪᠠᠷ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠪᠠᠨ ᠪᠠᠬᠢᠵᠢᠭᠦᠯᠵᠦ᠂ ᠥᠷᠭᠡᠨ ᠣᠯᠠᠨ | ᠲᠦᠮᠡᠨ ᠳᠤ ᠦᠷᠭᠦᠯᠵᠢᠯᠡᠬᠦ ᠬᠥᠭᠵᠢᠯᠲᠡ ᠶᠢᠨ ᠳᠤᠮᠳᠠ ᠲᠠᠰᠤᠷᠠᠯᠲᠠ ᠥᠬᠡᠶ ᠠᠰᠢᠭ ᠬᠦᠷᠲᠡᠭᠡᠬᠦ ᠬᠡᠷᠡᠭᠲᠡᠶ ᠭᠡᠵᠦ | ᠵᠢᠭᠠᠵᠤ ᠭᠠᠷᠭᠠᠪᠠ᠃ | ᠶᠦᠨ ᠵᠢᠶᠠᠨ ᠳ᠋ᠦᠩ ᠨᠡᠷ ᠤᠯᠢᠶᠠᠰᠤᠲᠠᠢ ᠰᠢᠶᠠᠩ ᠤᠨ ᠡᠮᠦᠨ᠎ᠡ ᠣᠪᠣᠭ᠎ᠠ ᠶᠢᠨ ᠶᠠᠳᠠᠭᠤ ᠶᠢ ᠲᠡᠳᠬᠦᠬᠦ ᠣᠢ | ᠰᠢᠭᠤᠶ ᠶᠢᠨ ᠰᠠᠭᠤᠷᠢᠨ ᠭᠠᠵᠠᠷ ᠲᠤ ᠶᠠᠳᠠᠭᠤ ᠶᠢ ᠲᠡᠳᠬᠦᠬᠦ ᠣᠢ ᠶᠢᠨ ᠶᠠᠳᠠᠭᠤ ᠬᠦᠴᠢᠷᠳᠡᠯᠲᠡᠶ ᠡᠷᠦᠬᠡ ᠶᠢ | ᠳᠠᠶᠢᠴᠢᠯᠠᠵᠤ ᠶᠠᠳᠠᠭᠤ ᠠᠴᠠ ᠠᠩᠭᠢᠵᠢᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠩ ᠱᠦᠶ ᠾᠧ | ᠰᠢᠶᠠᠨ ᠤ ᠬᠢᠨ ᠳᠠᠷᠠᠭ᠎ᠠ ᠠᠯᠬᠤᠮ ᠳᠤ ᠣᠢ ᠰᠢᠭᠤᠶ ᠵᠢᠮᠢᠰ ᠤᠨ ᠣᠨᠴᠠᠯᠢᠭᠲᠤ ᠠᠵᠤ ᠦᠶᠯᠡᠰ ᠢ | ᠬᠦᠴᠦᠷᠬᠡᠭᠵᠢᠭᠦᠯᠦᠨ ᠰᠢᠯᠢᠳᠡᠭᠵᠢᠭᠦᠯᠬᠦ ᠶᠢ ᠬᠦᠰᠡᠪᠡ᠃ ᠵᠢᠦ ᠼᠠᠢ ᠵᠤᠸᠠᠩ ᠰᠢᠶᠠᠩ ᠤᠨ ᠰᠠᠨ ᠴᠠ ᠾᠧ ᠯᠢᠩ ᡁᠢ | ᠶᠢᠨ ᠺᠠᠩ ᠶᠠᠩ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠶᠯ ᠤᠨ ᠰᠠᠭᠤᠷᠢᠨ ᠭᠠᠵᠠᠷ | ᠲᠤ᠂ ᠶᠦᠨ ᠵᠢᠶᠠᠨ ᠳ᠋ᠦᠩ ᠠᠵᠤ ᠠᠬᠤᠢᠯᠠᠯ ᠤᠨ ᠬᠢᠨ ᠲᠠᠷᠢᠬᠤ ᠬᠡᠪᠴᠢᠶ᠎ᠡ ᠪᠠᠨ ᠨᠡᠮᠡᠭᠳᠡᠭᠦᠯᠵᠦ᠂ ᠭᠦᠨᠵᠡᠭᠡᠶ | ᠡᠳ᠋ᠰᠢᠭᠦᠯᠬᠦ᠂ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠬᠦ ᠶᠢ ᠵᠣᠷᠢᠭᠵᠢᠭᠤᠯᠪᠠ᠃ | ᠨᠢᠭᠡ ᠡᠳᠦᠷ ᠬᠠᠭᠠᠰ ᠤᠨ ᠪᠠᠶᠢᠴᠠᠭᠠᠨ ᠰᠤᠳᠤᠯᠤᠯᠲᠠ ᠶᠢᠨ ᠳᠤᠮᠳᠠ᠂ ᠶᠦᠨ ᠵᠢᠶᠠᠨ ᠳ᠋ᠦᠩ ᠨᠡᠷ ᠪᠠᠰᠠ | ᠤᠯᠢᠶᠠᠰᠤᠲᠠᠢ ᠰᠢᠶᠠᠩ ᠤᠨ ᠴᠠᠭᠠᠨ ᠬᠤᠰᠢᠭᠤᠴᠢ ᠲᠣᠰᠬᠤᠨ ᠤ ᠦᠵᠦᠮ ᠤᠨ ᠲᠠᠷᠢᠮᠠᠯ ᠤᠨ ᠰᠠᠭᠤᠷᠢᠨ ᠭᠠᠵᠠᠷ᠂ | ᠲᠦᠩ ᠶᠤᠸᠠᠨ ᠮᠠᠯᠵᠢᠯ ᠤᠨ ᠢᠳᠡᠰᠢᠨ ᠡᠯᠵᠢᠭᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠵᠢᠦ ᠼᠠᠢ ᠵᠤᠸᠠᠩ | ᠰᠢᠶᠠᠩ ᠤᠨ ᠱᠢ ᠷᠧᠨ ᠪᠧᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ᠂ ᠮᠢᠩ ᠶᠠᠩ | ᠰᠠᠯᠬᠢᠨ ᠴᠠᠬᠢᠯᠭᠠᠨ ᠤ ᠲᠥᠷᠥᠯ ᠵᠦᠶᠯ ᠵᠢᠴᠢ ᠥᠪᠥᠷ ᠮᠣᠩᠭᠤᠯ ᠤᠨ ᠾᠧᠩ ᠶᠤᠸᠠᠨ ᠤ ᠭᠤᠤ ᠯᠢᠩ ᠰᠢᠷᠣᠶ ᠶᠢᠨ | ᠲᠥᠷᠥᠯ ᠵᠦᠶᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠰᠠ ᠤᠯᠠᠭᠠᠨ ᠲᠤᠭ ᠪᠠᠭ᠎ᠠ ᠰᠤᠷᠭᠠᠭᠤᠯᠢ | ᠶᠢᠨ ᠵᠢᠭᠠᠨ ᠰᠤᠷᠭᠠᠯᠲᠠ ᠶᠢᠨ ᠴᠢᠭ ᠪᠣᠯᠤᠨ ᠵᠢᠦ ᠼᠠᠢ ᠵᠤᠸᠠᠩ ᠰᠢᠶᠠᠩ ᠤᠨ ᠬᠠᠷᠢᠯᠴᠠᠨ ᠬᠠᠪᠰᠤᠷᠤᠯᠴᠠᠬᠤ ᠵᠣᠯ | ᠵᠢᠷᠭᠠᠯ ᠤᠨ ᠬᠦᠷᠢᠶᠡᠯᠡᠩ ᠤᠨ ᠬᠠᠭᠤᠷᠠᠶ ᠵᠣᠷᠯᠣᠩ ᠢ ᠥᠭᠡᠷᠡᠴᠢᠯᠡᠨ ᠪᠠᠶᠢᠭᠤᠯᠤᠭᠰᠠᠨ ᠪᠠᠶᠢᠳᠠᠯ ᠢ ᠪᠠᠶᠢᠴᠠᠭᠠᠨ | ᠦᠵᠡᠪᠡ᠃ | ᠶᠠᠷᠢᠯᠴᠠᠬᠤ ᠬᠤᠷᠠᠯ ᠳᠡᠭᠡᠷ᠎ᠡ᠂ ᠶᠦᠨ ᠵᠢᠶᠠᠨ ᠳ᠋ᠦᠩ ᠴᠢᠩ ᠱᠦᠶ ᠾᠧ ᠰᠢᠶᠠᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠲᠥᠷᠥᠯ ᠵᠦᠶᠯ | ᠤᠨ ᠪᠦᠲᠦᠭᠡᠨ ᠪᠠᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠢ ᠰᠣᠨᠣᠰᠤᠭᠰᠠᠨ ᠪᠥᠭᠡᠳ ᠦᠨᠳᠦᠰᠦᠨ ᠱᠠᠲᠤᠨ ᠤ | ᠨᠠᠮ ᠤᠨ ᠭᠡᠰᠢᠭᠦᠨ ᠲᠥᠯᠥᠭᠡᠯᠡᠭᠴᠢᠳ ᠲᠠᠢ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠣᠭᠤᠷᠢᠨ ᠳᠤ ᠶᠠᠷᠢᠯᠴᠠᠪᠠ᠃ ᠲᠡᠷᠡ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠬᠤ | ᠬᠡᠷᠡᠭᠲᠡᠶ︔ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠠᠵᠤ ᠦᠢᠯᠡᠰ ᠤᠨ ᠬᠡᠯᠬᠢᠶ᠎ᠡ ᠶᠢ ᠰᠠᠶᠢᠲᠤᠷ | ᠪᠣᠶᠢᠵᠢᠭᠤᠯᠤᠨ ᠤᠷᠲᠤᠳᠬᠠᠵᠤ᠂ ᠠᠵᠤ ᠦᠢᠯᠡᠰ ᠤᠨ ᠦᠶᠯᠡᠳᠦᠯᠴᠡᠯ ᠢ ᠪᠦᠷᠢᠯᠳᠦᠭᠦᠯᠵᠦ᠂ ᠠᠵᠤ ᠠᠬᠤᠶ ᠨᠡᠢᠭᠡᠮ | ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ︔ ᠭᠤᠤᠯᠳᠠᠯᠭ᠎ᠠ ᠲᠠᠢ ᠰᠢᠪᠲᠤᠯᠬᠤ ᠶᠢ ᠪᠡᠶᠡᠯᠡᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠣᠪᠤᠶᠢᠮ᠎ᠠ ᠠᠰᠠᠭᠤᠳᠠᠯ ᠢ ᠰᠠᠶᠢᠲᠤᠷ ᠰᠢᠶᠳᠪᠦᠷᠢᠯᠡᠬᠦ ᠬᠡᠷᠡᠭᠲᠡᠶ | ᠭᠡᠵᠡᠢ᠃ | ᠬᠤᠲᠠ ᠶᠢᠨ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ | ᠤᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |