ᠲᠤᠮᠳᠠᠳᠤ ᠤᠯᠤᠰ ᠤᠨ ᠦᠨᠳᠦᠰᠦᠳᠡᠨ ᠤ ᠬᠡᠯᠡᠨ ᠤ ᠤᠷᠴᠢᠭᠤᠯᠭ᠎ᠠ ᠶᠢᠨ ᠲᠣᠪᠴᠢᠶ᠎ᠠ ᠶᠢᠨ ᠡᠷᠬᠢᠯᠡᠭᠰᠡᠨ 2019 ᠣᠨ ᠤ ᠮᠤᠩᠭᠤᠯ ᠬᠡᠯᠡᠨ ᠤ ᠰᠢᠨ᠎ᠡ ᠦᠭᠡ ᠨᠡᠷ᠎ᠡ ᠲᠤᠮᠢᠶ᠎ᠠ ᠶᠢ ᠬᠢᠨᠠᠨ ᠲᠣᠭᠲᠠᠭᠠᠬᠤ ᠡᠷᠳᠡᠮᠳᠡᠳ ᠤᠨ ᠬᠤᠷᠠᠯ ᠡᠮᠦᠨᠡᠳᠦ ᠭᠤᠷᠯᠤᠰ ᠲᠤ ᠪᠣᠯᠵᠠᠢ
ᠨᠡᠶᠢᠲᠡᠯᠡᠭᠰᠡᠨ ᠴᠠᠭ᠄
2019-08-02
     ᠬᠡᠯᠡ ᠭᠡᠵᠦ ᠨᠡᠶᠢᠭᠡᠮ ᠤᠨ ᠬᠦᠭᠵᠢᠯᠳᠡ ᠶᠢ ᠲᠠᠭᠠᠯᠳᠤᠨ ᠬᠦᠭᠵᠢᠳᠡᠭ᠃ ᠠᠯᠢᠪᠠ ᠰᠢᠨ᠎ᠡ ᠭᠡᠷᠡᠭ ᠪᠤᠳᠠᠰ ᠤᠨ ᠭᠦᠭᠵᠢᠯᠳᠠ ᠶᠢᠨ ᠶᠠᠪᠤᠴᠠ ᠨᠢ ᠵᠠᠪᠠᠯ ᠬᠡᠯᠡ ᠪᠠᠷ ᠲᠠᠮᠵᠢᠨ ᠲᠤᠰᠬᠠᠯ ᠢᠶᠠᠨ ᠤᠯᠬᠤ ᠮᠦᠷᠳᠡᠭᠡᠨ ᠲᠡᠭᠦᠨ ᠢ ᠲᠤᠰᠬᠠᠠᠬᠰᠠᠨ ᠰᠢᠨ᠎ᠡ ᠦᠭᠡ᠂ ᠨᠡᠷ᠎ᠡ ᠲᠤᠮᠢᠶ᠎ᠠ ᠶᠡᠭᠡᠪᠡᠷ ᠨᠡᠮᠡᠭᠳᠡᠳᠡᠭ᠃ ᠲᠡᠭᠡᠪᠡᠯ ᠪᠢᠳᠡ ᠬᠡᠷᠬᠢᠨ ᠡᠳᠡᠭᠡᠷ ᠰᠢᠨ᠎ᠡ ᠦᠭᠡ᠂ ᠨᠡᠷ᠎ᠡ ᠲᠤᠮᠢᠶ᠎ᠠ ᠶᠢ ᠦᠪᠡᠷ ᠤᠨ ᠦᠨᠳᠦᠰᠦᠳᠡᠨ ᠤ ᠬᠡᠯᠡ ᠪᠠᠷ ᠲᠤᠰᠬᠠᠨ ᠬᠠᠷᠠᠭᠤᠯᠬᠤ᠂ ᠦᠭᠡᠰ ᠤᠨ ᠰᠠᠩ  ᠳᠤ ᠪᠠᠨ ᠤᠷᠤᠭᠤᠯᠤᠨ ᠠᠪᠬᠤ ᠪᠤᠢ ᠭᠡᠳᠡᠭ ᠠᠰᠠᠭᠤᠳᠠᠯ ᠳᠤ ᠵᠤᠷᠢᠭᠤᠯᠤᠨ ᠲᠤᠮᠳᠠᠳᠤ ᠤᠯᠤᠰ ᠤᠨ ᠦᠨᠳᠦᠰᠦᠳᠡᠨ  ᠤ ᠬᠡᠯᠡᠨ ᠤ ᠤᠷᠴᠢᠭᠤᠯᠭ᠎ᠠ ᠶᠢᠨ ᠲᠤᠪᠴᠢᠶ᠎ᠠ ᠠᠴᠠ 320 ᠵᠤᠷᠪᠤᠰ ᠰᠢᠨ᠎ᠡ ᠦᠭᠡ᠂ ᠨᠡᠷ᠎ᠡ ᠲᠤᠮᠢᠶ᠎ᠠ ᠶᠢ ᠰᠢᠭᠰᠢᠨ ᠭᠠᠷᠭᠠᠵᠦ᠂ ᠡᠷᠳᠡᠮᠳᠡᠳ ᠤᠨ ᠰᠠᠨᠠᠯ ᠢ ᠬᠤᠷᠢᠶᠠᠵᠠᠢ᠃      ᠲᠤᠮᠳᠠᠳᠤ ᠤᠯᠤᠰ ᠤᠨ ᠦᠨᠳᠦᠰᠦᠳᠡᠨ ᠤ ᠬᠡᠯᠡᠨ ᠤ ᠤᠷᠴᠢᠭᠤᠯᠭ᠎ᠠ ᠶᠢᠨ ᠲᠤᠪᠴᠢᠶ᠎ᠠ ᠠᠴᠠ ᠭᠤᠤᠯᠯᠠᠨ ᠡᠷᠬᠢᠯᠡᠵᠦ᠂ ᠬᠢᠷᠢᠨ ᠮᠤᠵᠢ ᠶᠢᠨ ᠡᠮᠦᠨᠡᠳᠦ ᠭᠤᠷᠯᠤᠰ ᠰᠢᠶᠠᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠲᠠᠭᠠᠭᠠᠭᠴᠢᠯᠠᠨ ᠪᠡᠶᠡᠯᠡᠭᠦᠯᠦᠭᠰᠡᠨ 2019 ᠣᠨ ᠤ ᠮᠤᠩᠭᠤᠯ ᠬᠡᠯᠡᠨ ᠤ ᠰᠢᠨ᠎ᠡ ᠦᠭᠡ ᠨᠡᠷ᠎ᠡ ᠲᠤᠮᠢᠶ᠎ᠠ ᠶᠢ ᠬᠢᠨᠠᠨ ᠲᠤᠭᠳᠠᠭᠠᠭᠬᠤ ᠡᠷᠳᠡᠮᠳᠡᠳ ᠤᠨ ᠬᠤᠷᠠᠯᠳᠤᠭᠠᠨ ᠥᠨᠥᠬᠡᠨ ᠬᠢᠷᠢᠨ ᠮᠤᠵᠢ ᠶᠢᠨ ᠡᠮᠦᠨᠡᠳᠦ ᠭᠤᠷᠯᠤᠰ ᠲᠤ ᠶᠠᠪᠤᠭᠳᠠᠵᠠᠢ      ᠬᠤᠷᠠᠯᠳᠤᠭᠠᠨ ᠳᠤ ᠪᠡᠭᠡᠵᠢᠩ᠂ ᠦᠪᠦᠷ ᠮᠤᠩᠭᠤᠯ᠂ ᠰᠢᠨᠵᠢᠶᠠᠩ᠂ ᠬᠦᠭᠡᠨᠡᠭᠤᠷ᠂ ᠭᠠᠨᠰᠤ᠂ ᠯᠢᠶᠤᠤᠨᠢᠩ᠂ ᠬᠢᠷᠢᠨ ᠵᠡᠷᠭᠡ ᠭᠠᠵᠠᠷ ᠤᠷᠤᠨ ᠠᠴᠠ 30 ᠭᠠᠷᠤᠢ ᠡᠷᠳᠡᠮᠳᠡᠳ᠂ ᠤᠷᠴᠢᠭᠤᠯᠭ᠎ᠠ ᠶᠢᠨ ᠠᠵᠢᠯᠳᠠᠳ ᠬᠤᠷᠠᠨ ᠴᠤᠭᠯᠠᠷᠠᠵᠦ᠂ ᠪᠦᠬᠦ ᠤᠯᠤᠰ ᠤᠨ ᠬᠤᠶᠠᠷ ᠬᠤᠷᠠᠯ ᠤᠨ ᠪᠢᠴᠢᠭ ᠮᠠᠲ᠋ᠧᠷᠢᠶᠠᠯ᠂ ᠨᠠᠮ ᠲᠦᠷᠦ ᠶᠢᠨ ᠤᠳᠤᠷᠢᠳᠤᠭᠴᠢᠳ  ᠤᠨ ᠵᠤᠬᠢᠶᠠᠯ ᠪᠦᠳᠦᠭᠡᠯ ᠢᠶᠠᠷ ᠭᠤᠤᠯᠳᠠᠯᠠᠭᠰᠠᠨ ᠤᠷᠴᠢᠭᠤᠯᠭ᠎ᠠ ᠶᠢᠨ ᠠᠵᠢᠯ ᠳᠤ ᠬᠤᠯᠪᠤᠭᠳᠠᠬᠤ ᠤᠯᠤᠰ ᠲᠦᠷᠦ᠂ ᠬᠠᠤᠯᠢ ᠴᠠᠭᠠᠵᠠ᠂ ᠠᠵᠤ ᠠᠬᠤᠢ᠂ ᠨᠡᠶᠢᠭᠡᠮ ᠤᠨ ᠪᠠᠶᠢᠭᠤᠯᠤᠯᠳᠠ ᠵᠡᠷᠭᠡ ᠤᠯᠠᠨ ᠴᠠᠷ᠎ᠠ ᠬᠦᠷᠢᠶ᠎ᠠ ᠳᠤ ᠢᠯᠡᠷᠡᠭᠰᠡᠨ 320 ᠵᠤᠷᠪᠤᠰ ᠰᠢᠨ᠎ᠡ ᠦᠭᠡ᠂ ᠨᠡᠷ᠎ᠡ ᠲᠤᠮᠢᠶ᠎ᠠ ᠶᠢ ᠰᠢᠭᠰᠢᠨ ᠰᠤᠩᠭᠤᠵᠦ᠂ ᠮᠤᠩᠭᠤᠯ ᠬᠡᠯᠡᠨ ᠤ ᠬᠡᠷᠡᠭᠯᠡᠭᠡᠨ ᠤ ᠤᠨᠴᠠᠯᠢᠭ᠂ ᠬᠡᠯᠡᠨ ᠤ ᠵᠠᠩᠰᠢᠯ ᠳᠤ ᠲᠤᠬᠢᠷᠠᠯᠴᠠᠭᠰᠠᠨ ᠵᠦᠪ ᠤᠷᠴᠢᠭᠤᠯᠭ᠎ᠠ᠂ ᠡᠪᠳᠡᠢ ᠤᠷᠴᠢᠭᠤᠯᠭ᠎ᠠ ᠶᠢᠨ ᠲᠤᠬᠠᠢ ᠶᠠᠷᠢᠯᠴᠠᠭ᠎ᠠ ᠦᠷᠨᠢᠬᠦᠯᠦᠨ᠂ ᠰᠠᠨᠠᠯ ᠲᠡᠪᠰᠢᠭᠦᠯᠵᠡᠢ᠃      ᠡᠷᠳᠡᠮᠳᠡᠳ ᠤᠨ ᠶᠠᠷᠢᠯᠴᠠᠭ᠎ᠠ ᠮᠤᠩᠭᠤᠯ ᠬᠡᠯᠡᠨ ᠤ ᠰᠢᠨ᠎ᠡ ᠦᠭᠡ ᠨᠡᠷ᠎ᠡ ᠲᠤᠮᠢᠶᠠᠨ ᠤ ᠬᠡᠷᠡᠭᠯᠡᠭᠡ᠂ ᠦᠭᠡᠰ ᠤᠨ ᠰᠠᠩ᠂ ᠤᠳᠬ᠎ᠠ ᠵᠦᠢ ᠶᠢᠨ ᠲᠤᠭᠤᠷᠢᠨ ᠳᠤ ᠢᠳᠡ ᠬᠦᠴᠦᠳᠡᠢ ᠶᠠᠪᠤᠭᠳᠠᠵᠦ᠂ ᠤᠳᠤᠬᠠᠨ ᠤ ᠨᠡᠶᠢᠭᠡᠮ ᠤᠨ ᠬᠡᠷᠡᠭᠯᠡᠭᠡ ᠳᠤ ᠨᠡᠶᠢᠴᠡᠭᠰᠡᠨ᠂ ᠬᠡᠯᠡᠨ ᠤ ᠵᠠᠩᠰᠢᠯ ᠳᠤ ᠲᠤᠬᠢᠷᠠᠯᠴᠠᠭᠰᠠᠨ ᠵᠦᠪ ᠤᠷᠴᠢᠭᠤᠯᠭ᠎ᠠ᠂ ᠵᠦᠢᠳᠡᠢ ᠰᠠᠨᠠᠭᠠᠴᠢᠯᠭ᠎ᠠ ᠶᠢ ᠳᠤᠷᠠᠳᠤᠨ᠂ ᠰᠢᠨ᠎ᠡ ᠦᠭᠡ ᠨᠡᠷ᠎ᠡ ᠲᠤᠮᠢᠶᠠᠨ ᠤ ᠲᠦᠷᠢᠮᠵᠢᠯ ᠪᠠ ᠬᠤᠶᠢᠰᠢᠳᠡ ᠶᠢᠨ ᠭᠡᠷᠡᠭᠯᠡᠭᠡ ᠲᠦᠭᠡᠮᠡᠯᠵᠢᠯᠡᠯᠳᠡ ᠳᠤ ᠮᠠᠰᠢ ᠴᠢᠬᠤᠯᠠ ᠬᠦᠳᠦᠯᠪᠦᠷᠢ ᠪᠤᠯᠤᠭᠰᠠᠨ ᠪᠠᠶᠢᠨ᠎ᠠ᠃ ᠡᠬᠦᠨ ᠤ ᠲᠠᠭᠠᠤ ᠳᠤ ᠮᠤᠩᠭᠤᠯ ᠬᠡᠯᠡᠨ  ᠤ ᠤᠷᠴᠢᠭᠤᠯᠭ᠎ᠠ ᠶᠢᠨ ᠬᠤᠪᠢ ᠳᠤ ᠠᠷᠠᠳ ᠤᠨ ᠶᠠᠷᠢᠶᠠᠨ ᠠᠴᠠ ᠦᠭᠡ ᠲᠡᠭᠦᠬᠦ᠂ ᠤᠤᠭᠠᠯ ᠦᠭᠡᠰ ᠢᠶᠠᠨ ᠰᠡᠷᠭᠦᠭᠡᠨ ᠭᠡᠷᠡᠭᠯᠡᠬᠦ᠂ ᠰᠢᠨ᠎ᠡ ᠦᠭᠡ ᠶᠢ ᠵᠢᠭᠡᠯᠡᠨ ᠬᠡᠷᠡᠭᠯᠡᠬᠦ᠂ ᠵᠢᠭᠡᠯᠡᠭᠡ ᠦᠭᠡ ᠶᠢ ᠲᠦᠷᠢᠮᠵᠢᠬᠦᠯᠦᠨ ᠬᠡᠷᠡᠭᠯᠡᠬᠦ ᠵᠡᠷᠭᠡ ᠲᠠᠯ᠎ᠠ ᠪᠠᠷ ᠡᠷᠳᠡᠮᠳᠡᠳ ᠰᠠᠨᠠᠯ ᠨᠢᠭᠡᠳᠦᠭᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号