ᠠᠩᠬᠠᠳᠤᠭᠠᠷ ᠬᠤᠭᠤᠴᠠᠭᠠᠨ ᠤ ᠦᠪᠦᠷ ᠮᠣᠩᠭᠤᠯ ᠤᠨ ᠲᠠᠭᠤᠤ ᠬᠦᠭᠵᠢᠮ ᠤᠨ ᠨᠠᠶᠢᠷ 8 ᠰᠠᠷ᠎ᠠ ᠶᠢᠨ ᠲᠤᠮᠳᠠᠴᠢ ᠪᠠᠷ ᠵᠤᠬᠢᠶᠠᠨ ᠪᠠᠶᠢᠭᠤᠯᠤᠭᠳᠠᠨ᠎ᠠ
ᠨᠡᠶᠢᠲᠡᠯᠡᠭᠰᠡᠨ ᠴᠠᠭ᠄
2019-08-02
     ᠰᠤᠷᠪᠤᠯᠵᠢᠯᠠᠭᠴᠢ ᠡᠮᠦᠨᠡᠬᠡᠨ ᠬᠤᠷᠠᠯᠳᠤᠭᠤᠯᠤᠭᠰᠠᠨ ᠠᠩᠬᠠᠳᠤᠭᠠᠷ ᠬᠤᠭᠤᠴᠠᠭᠠᠨ ᠤ ᠦᠪᠦᠷ ᠮᠣᠩᠭᠤᠯ ᠤᠨ ᠲᠠᠭᠤᠤ ᠬᠦᠭᠵᠢᠮ ᠤᠨ ᠨᠠᠶᠢᠷ ᠤᠨ ᠬᠡᠪᠯᠡᠯ ᠮᠡᠳᠡᠭᠡᠯᠡᠯ ᠤᠨ ᠬᠤᠷᠠᠯ ᠠᠴᠠ ᠤᠶᠢᠯᠠᠭᠠᠭᠰᠠᠨ ᠢᠶᠠᠷ᠂ ᠦᠪᠡᠷᠳᠡᠬᠡᠨ ᠵᠠᠰᠠᠬᠤ ᠤᠷᠤᠨ ᠤ ᠰᠤᠶᠤᠯ ᠪᠤᠯᠤᠨ ᠠᠶᠠᠯᠠᠯ ᠵᠢᠭᠤᠯᠴᠢᠯᠠᠯ ᠤᠨ ᠲᠢᠩᠬᠢᠮ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠬᠠᠮᠳᠤᠷᠠᠨ ᠭᠤᠤᠯᠯᠠᠨ ᠡᠷᠬᠢᠯᠡᠵᠤ᠂ ᠰᠢᠯᠢ ᠶᠢᠨ ᠭᠤᠤᠯ ᠠᠶᠢᠮᠠᠭ ᠤᠨ ᠰᠤᠶᠤᠯ ᠰᠫᠤᠷᠲ ᠠᠶᠠᠯᠠᠯ ᠵᠢᠭᠤᠯᠴᠢᠯᠠᠯ ᠷᠠᠳᠢᠣ᠋ ᠲᠧᠯᠧᠶ᠋ᠰ ᠬᠤᠷᠢᠶ᠎ᠠ᠂ ᠰᠢᠯᠢᠩᠬᠤᠳᠠ ᠶᠢᠨ ᠠᠷᠠᠳ ᠤᠨ ᠵᠠᠰᠠᠭ ᠤᠨ ᠤᠷᠳᠤᠨ ᠲᠠᠭᠠᠭᠠᠴᠢᠯᠠᠨ ᠡᠷᠬᠢᠯᠡᠬᠦ ᠠᠩᠬᠠᠳᠤᠭᠠᠷ ᠬᠤᠭᠤᠴᠠᠭᠠᠨ ᠤ ᠦᠪᠦᠷ ᠮᠣᠩᠭᠤᠯ ᠤᠨ ᠲᠠᠭᠤᠤ ᠬᠦᠭᠵᠢᠮ ᠤᠨ ᠨᠠᠶᠢᠷ 8 ᠰᠠᠷ᠎ᠠ ᠶᠢᠨ 15 ᠤ ᠡᠳᠤᠷ ᠠᠴᠠ 17 ᠤ ᠡᠳᠤᠷ ᠪᠤᠯᠳᠠᠯ᠎ᠠ ᠰᠢᠯᠢᠩᠬᠤᠳᠠ ᠶᠢᠨ ᠨᠠᠭᠠᠳᠤᠮ ᠤᠨ ᠲᠠᠯᠠᠪᠠᠢ ᠳᠤ ᠵᠤᠬᠢᠶᠠᠨ ᠪᠠᠶᠢᠭᠤᠯᠤᠭᠳᠠᠬᠤ ᠪᠤᠯᠤᠨ᠎ᠠ᠃      ᠲᠤᠰ ᠤᠳᠠᠭᠠᠨ ᠤ ᠲᠠᠭᠤᠤ ᠬᠦᠭᠵᠢᠮ ᠤᠨ ᠨᠠᠶᠢᠷ ᠨᠢ ︽ᠦᠨᠳᠤᠰᠦᠳᠡᠨ ᠤ ᠤᠨᠴᠠᠯᠢᠭ᠂ ᠤᠯᠠᠮᠵᠢᠯᠠᠨ ᠬᠦᠭᠵᠢᠬᠦᠯᠬᠦ᠂ ᠤᠯᠠᠨ ᠡᠰᠢᠴᠢᠯᠡᠯᠳᠡ ᠶᠢ ᠠᠭᠤᠰᠤᠯᠴᠠᠭᠤᠯᠬᠤ︾ ᠵᠠᠷᠴᠢᠮ ᠢ ᠪᠠᠷᠢᠮᠳᠠᠯᠠᠵᠤ᠂ ᠦᠨᠳᠤᠰᠦᠳᠡᠨ ᠤ ᠲᠠᠭᠤᠤ ᠬᠦᠭᠵᠢᠮ ᠢᠶᠠᠷ ᠭᠤᠤᠯᠯᠠᠭᠰᠠᠨ᠂ ᠦᠪᠦᠷ ᠮᠣᠩᠭᠤᠯ ᠤᠨ ᠦᠳᠡᠬᠦᠰ᠂ ᠢᠳᠡᠷ᠂ ᠵᠠᠯᠠᠭᠤᠴᠤᠳ ᠭᠤᠷᠪᠠᠨ ᠦᠶ᠎ᠡ ᠶᠢᠨ ᠤᠷᠠᠯᠢᠭᠴᠢᠨ ᠪᠤᠯᠤᠨ ᠬᠦᠭᠵᠢᠮᠴᠢᠨ ᠢᠶᠠᠷ ᠭᠤᠤᠯ ᠪᠦᠷᠢᠯᠳᠦᠬᠦᠨ ᠪᠤᠯᠭᠠᠵᠤ᠂ ᠤᠯᠠᠭᠠᠨᠮᠦ᠋ᠴᠢᠷ ᠤᠨ ᠵᠤᠷᠢᠭ ᠰᠠᠨᠠᠭ᠎ᠠ᠂ ᠪᠡᠶᠡᠳᠤ ᠪᠤᠰᠤ ᠰᠤᠶᠤᠯ ᠤᠨ ᠦᠪ ᠢ ᠢᠯᠡᠷᠡᠬᠦᠯᠵᠤ᠂ ᠦᠨᠳᠤᠰᠦᠳᠡᠨ ᠤ ᠲᠠᠭᠤᠤ ᠬᠦᠭᠵᠢᠮ ᠪᠤᠯᠤᠨ ᠲᠡᠯᠡᠬᠡᠢ ᠶᠢᠨ ᠬᠦᠭᠵᠢᠮ ᠤᠨ ᠰᠤᠯᠢᠯᠴᠠᠭ᠎ᠠ᠂ ᠠᠭᠤᠰᠤᠯᠴᠠᠯ᠂ ᠬᠦᠭᠵᠢᠯᠳᠡ ᠶᠢ ᠠᠬᠢᠭᠤᠯᠤᠨ᠎ᠠ᠃  
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号