ᠠᠩᠬᠠᠳᠤᠭᠠᠷ ᠬᠤᠭᠤᠴᠠᠭᠠᠨ ᠤ ᠦᠪᠦᠷ ᠮᠣᠩᠭᠤᠯ ᠤᠨ ᠲᠠᠭᠤᠤ ᠬᠦᠭᠵᠢᠮ ᠤᠨ ᠨᠠᠶᠢᠷ 8 ᠰᠠᠷ᠎ᠠ ᠶᠢᠨ ᠲᠤᠮᠳᠠᠴᠢ ᠪᠠᠷ ᠵᠤᠬᠢᠶᠠᠨ ᠪᠠᠶᠢᠭᠤᠯᠤᠭᠳᠠᠨ᠎ᠠ
ᠨᠡᠶᠢᠲᠡᠯᠡᠭᠰᠡᠨ ᠴᠠᠭ᠄
2019/8/2
     ᠰᠤᠷᠪᠤᠯᠵᠢᠯᠠᠭᠴᠢ ᠡᠮᠦᠨᠡᠬᠡᠨ ᠬᠤᠷᠠᠯᠳᠤᠭᠤᠯᠤᠭᠰᠠᠨ ᠠᠩᠬᠠᠳᠤᠭᠠᠷ ᠬᠤᠭᠤᠴᠠᠭᠠᠨ ᠤ ᠦᠪᠦᠷ ᠮᠣᠩᠭᠤᠯ ᠤᠨ ᠲᠠᠭᠤᠤ ᠬᠦᠭᠵᠢᠮ ᠤᠨ ᠨᠠᠶᠢᠷ ᠤᠨ ᠬᠡᠪᠯᠡᠯ ᠮᠡᠳᠡᠭᠡᠯᠡᠯ ᠤᠨ ᠬᠤᠷᠠᠯ ᠠᠴᠠ ᠤᠶᠢᠯᠠᠭᠠᠭᠰᠠᠨ ᠢᠶᠠᠷ᠂ ᠦᠪᠡᠷᠳᠡᠬᠡᠨ ᠵᠠᠰᠠᠬᠤ ᠤᠷᠤᠨ ᠤ ᠰᠤᠶᠤᠯ ᠪᠤᠯᠤᠨ ᠠᠶᠠᠯᠠᠯ ᠵᠢᠭᠤᠯᠴᠢᠯᠠᠯ ᠤᠨ ᠲᠢᠩᠬᠢᠮ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠬᠠᠮᠳᠤᠷᠠᠨ ᠭᠤᠤᠯᠯᠠᠨ ᠡᠷᠬᠢᠯᠡᠵᠤ᠂ ᠰᠢᠯᠢ ᠶᠢᠨ ᠭᠤᠤᠯ ᠠᠶᠢᠮᠠᠭ ᠤᠨ ᠰᠤᠶᠤᠯ ᠰᠫᠤᠷᠲ ᠠᠶᠠᠯᠠᠯ ᠵᠢᠭᠤᠯᠴᠢᠯᠠᠯ ᠷᠠᠳᠢᠣ᠋ ᠲᠧᠯᠧᠶ᠋ᠰ ᠬᠤᠷᠢᠶ᠎ᠠ᠂ ᠰᠢᠯᠢᠩᠬᠤᠳᠠ ᠶᠢᠨ ᠠᠷᠠᠳ ᠤᠨ ᠵᠠᠰᠠᠭ ᠤᠨ ᠤᠷᠳᠤᠨ ᠲᠠᠭᠠᠭᠠᠴᠢᠯᠠᠨ ᠡᠷᠬᠢᠯᠡᠬᠦ ᠠᠩᠬᠠᠳᠤᠭᠠᠷ ᠬᠤᠭᠤᠴᠠᠭᠠᠨ ᠤ ᠦᠪᠦᠷ ᠮᠣᠩᠭᠤᠯ ᠤᠨ ᠲᠠᠭᠤᠤ ᠬᠦᠭᠵᠢᠮ ᠤᠨ ᠨᠠᠶᠢᠷ 8 ᠰᠠᠷ᠎ᠠ ᠶᠢᠨ 15 ᠤ ᠡᠳᠤᠷ ᠠᠴᠠ 17 ᠤ ᠡᠳᠤᠷ ᠪᠤᠯᠳᠠᠯ᠎ᠠ ᠰᠢᠯᠢᠩᠬᠤᠳᠠ ᠶᠢᠨ ᠨᠠᠭᠠᠳᠤᠮ ᠤᠨ ᠲᠠᠯᠠᠪᠠᠢ ᠳᠤ ᠵᠤᠬᠢᠶᠠᠨ ᠪᠠᠶᠢᠭᠤᠯᠤᠭᠳᠠᠬᠤ ᠪᠤᠯᠤᠨ᠎ᠠ᠃      ᠲᠤᠰ ᠤᠳᠠᠭᠠᠨ ᠤ ᠲᠠᠭᠤᠤ ᠬᠦᠭᠵᠢᠮ ᠤᠨ ᠨᠠᠶᠢᠷ ᠨᠢ ︽ᠦᠨᠳᠤᠰᠦᠳᠡᠨ ᠤ ᠤᠨᠴᠠᠯᠢᠭ᠂ ᠤᠯᠠᠮᠵᠢᠯᠠᠨ ᠬᠦᠭᠵᠢᠬᠦᠯᠬᠦ᠂ ᠤᠯᠠᠨ ᠡᠰᠢᠴᠢᠯᠡᠯᠳᠡ ᠶᠢ ᠠᠭᠤᠰᠤᠯᠴᠠᠭᠤᠯᠬᠤ︾ ᠵᠠᠷᠴᠢᠮ ᠢ ᠪᠠᠷᠢᠮᠳᠠᠯᠠᠵᠤ᠂ ᠦᠨᠳᠤᠰᠦᠳᠡᠨ ᠤ ᠲᠠᠭᠤᠤ ᠬᠦᠭᠵᠢᠮ ᠢᠶᠠᠷ ᠭᠤᠤᠯᠯᠠᠭᠰᠠᠨ᠂ ᠦᠪᠦᠷ ᠮᠣᠩᠭᠤᠯ ᠤᠨ ᠦᠳᠡᠬᠦᠰ᠂ ᠢᠳᠡᠷ᠂ ᠵᠠᠯᠠᠭᠤᠴᠤᠳ ᠭᠤᠷᠪᠠᠨ ᠦᠶ᠎ᠡ ᠶᠢᠨ ᠤᠷᠠᠯᠢᠭᠴᠢᠨ ᠪᠤᠯᠤᠨ ᠬᠦᠭᠵᠢᠮᠴᠢᠨ ᠢᠶᠠᠷ ᠭᠤᠤᠯ ᠪᠦᠷᠢᠯᠳᠦᠬᠦᠨ ᠪᠤᠯᠭᠠᠵᠤ᠂ ᠤᠯᠠᠭᠠᠨᠮᠦ᠋ᠴᠢᠷ ᠤᠨ ᠵᠤᠷᠢᠭ ᠰᠠᠨᠠᠭ᠎ᠠ᠂ ᠪᠡᠶᠡᠳᠤ ᠪᠤᠰᠤ ᠰᠤᠶᠤᠯ ᠤᠨ ᠦᠪ ᠢ ᠢᠯᠡᠷᠡᠬᠦᠯᠵᠤ᠂ ᠦᠨᠳᠤᠰᠦᠳᠡᠨ ᠤ ᠲᠠᠭᠤᠤ ᠬᠦᠭᠵᠢᠮ ᠪᠤᠯᠤᠨ ᠲᠡᠯᠡᠬᠡᠢ ᠶᠢᠨ ᠬᠦᠭᠵᠢᠮ ᠤᠨ ᠰᠤᠯᠢᠯᠴᠠᠭ᠎ᠠ᠂ ᠠᠭᠤᠰᠤᠯᠴᠠᠯ ᠂ ᠬᠦᠭᠵᠢᠯᠳᠡ ᠶᠢ ᠠᠬᠢᠭᠤᠯᠤᠨ᠎ᠠ᠃  
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ