| | | 8 ᠳ᠋ᠤᠭᠠᠷ ᠰᠠᠷ᠎ᠠ ᠶᠢᠨ14 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ | ᠳᠠᠷᠤᠭ᠎ᠠ ᠴᠧᠨ ᠯᠢ ᠶᠢᠨ ᠨᠠᠮ ᠵᠠᠰᠠᠭ ᠤᠨ ᠠᠯᠪᠠᠨ ᠠᠰᠠᠷ ᠤᠨ401 ᠬᠤᠷᠠᠯ ᠤᠨ ᠭᠡᠷ ᠲᠤ ᠪᠠᠶᠢᠭᠠᠯᠢ ᠶᠢᠨ ᠡᠬᠢ | ᠪᠠᠶᠠᠯᠢᠭ ᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠣᠭᠤᠯᠪᠠ᠃ ᠰᠢᠶᠠᠨ ᠤ ᠳᠡᠳ᠋ | ᠳᠠᠷᠤᠭ᠎ᠠ ᠾᠧ ᠹᠧᠩ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠬᠦᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠦᠪᠯᠡᠷᠡᠯ ᠤᠨ | ᠣᠷᠣᠨ ᠤ ᠬᠠᠮᠢᠶᠠᠷᠣᠯᠲᠠ ᠶᠢᠨ ᠵᠥᠪᠯᠡᠯ᠂ ᠠᠵᠣ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ | ᠵᠥᠪᠯᠡᠯ ᠵᠢᠴᠢ ᠱᠧᠩ ᠯᠧ ᠪᠠᠯᠭᠠᠰᠣ ᠵᠡᠷᠭᠡ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ | ᠣᠷᠣᠯᠴᠠᠪᠠ᠃ | ᠬᠤᠷᠠᠯ ᠠᠴᠠ ᠬᠠᠮᠠᠭᠠᠯᠠᠯᠲᠠ ᠶᠢᠨ ᠣᠷᠣᠨ ᠤ ᠠᠭᠤᠷᠬᠠᠢ ᠶᠢᠨ ᠠᠵᠣ ᠠᠬᠤᠶᠢᠯᠠᠯ ᠤᠨ ᠣᠬᠤᠷᠢᠨ ᠭᠠᠷᠬᠤ᠂ | ᠰᠢᠨ᠎ᠡ ᠲᠣᠭᠤᠷᠢᠭ ᠤᠨ ᠲᠦᠯᠦᠪᠵᠢᠭᠦᠯᠭᠡ ᠭᠠᠵᠠᠷ ᠰᠢᠷᠣᠢ ᠶᠢᠨ ᠵᠥᠪᠯᠡᠯ ᠤᠨ ᠬᠢᠨᠠᠨ ᠪᠠᠶᠢᠴᠠᠭᠠᠵᠣ ᠪᠠᠲᠣᠯᠠᠭᠰᠠᠨ | ᠲᠦᠷᠥᠯ ᠵᠦᠢᠯ ᠤᠨ ᠬᠠᠮᠢᠶ᠎ᠠ ᠪᠦᠬᠦᠢ ᠭᠠᠷ ᠭᠦᠢᠴᠡᠳᠬᠡᠯ ᠬᠢᠬᠦ᠂ ᠭᠤᠷᠪᠠᠳᠣᠭᠠᠷ ᠤᠳᠠᠭ᠎ᠠ ᠶᠢᠨ ᠣᠯᠣᠰ ᠤᠨ ᠭᠠᠵᠠᠷ | ᠰᠢᠷᠣᠢ ᠶᠢᠨ ᠪᠠᠶᠢᠴᠠᠭᠠᠯᠲᠠ ᠬᠢᠬᠦ᠂ ᠵᠥᠪᠰᠢᠶᠡᠷᠡᠭᠡᠳ ᠬᠠᠩᠭᠠᠭᠰᠠᠨ ᠦᠭᠡᠢ ᠪᠠ ᠰᠤᠯᠠ ᠪᠠᠶᠢᠭ᠎ᠠ ᠭᠠᠵᠠᠷ ᠰᠢᠷᠣᠢ ᠶᠢ | ᠰᠢᠢᠳᠪᠦᠷᠢᠯᠡᠬᠦ᠂ ᠳᠠᠭᠠᠭᠤᠯᠢ ᠣᠳᠣᠨ ᠤ ᠭᠡᠷᠡᠯ ᠵᠢᠷᠤᠭ ᠤᠨ ᠬᠠᠣᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ | ᠴᠡᠭᠴᠡᠯᠡᠨ ᠵᠠᠰᠠᠯᠲᠠ᠂ ᠣᠯᠣᠰ ᠤᠨ ᠨᠣᠲᠤᠭ ᠳᠡᠪᠢᠰᠭᠡᠷ ᠤᠨ ᠣᠷᠣᠨ ᠵᠠᠢ ᠶᠢᠨ ᠲᠦᠯᠦᠪᠵᠢᠭᠦᠯᠭᠡ ᠶᠢ ᠨᠠᠶᠢᠷᠠᠭᠤᠯᠣᠨ | ᠵᠣᠭᠢᠶᠠᠬᠤ ᠵᠡᠷᠭᠡ ᠬᠡᠷᠡᠭ ᠶᠠᠪᠣᠳᠠᠯ᠂ ᠮᠠᠨ ᠤ ᠰᠢᠶᠠᠨ ᠤ 2019 ᠣᠨ ᠤ ᠬᠤᠲᠠ ᠪᠠᠯᠭᠠᠰᠣᠨ ᠤ ᠣᠯᠣᠰ ᠤᠨ | ᠦᠮᠴᠢᠯᠡᠯ ᠤᠨ ᠭᠠᠵᠠᠷ ᠰᠢᠷᠣᠢ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠢ ᠳᠠᠩᠰᠠᠯᠠᠬᠤ ᠵᠡᠷᠭᠡ ᠲᠡᠥᠬᠡ ᠶᠢᠨ | ᠦᠯᠡᠳᠡᠭᠳᠡᠯ ᠠᠰᠠᠭᠤᠳᠠᠯ ᠤᠨ ᠲᠦᠰᠥᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠴᠧᠨ ᠯᠢ ᠶᠢᠨ ᠵᠢᠭᠠᠵᠣ ᠭᠠᠷᠭᠠᠭᠰᠠᠨ ᠨᠢ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ | ᠠᠵᠢᠯ ᠲᠠᠢ ᠨᠢᠭᠲᠠ ᠤᠶᠠᠯᠳᠤᠭᠤᠯᠤᠨ᠂ ᠲᠣᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠯᠠᠪᠳᠠᠭᠤᠨ | ᠪᠠᠳᠣᠲᠠᠢ ᠠᠵᠢᠯᠯᠠᠨ᠂ ᠭᠠᠵᠠᠷ ᠰᠢᠷᠣᠢ᠂ ᠠᠭᠤᠷᠬᠠᠢ ᠶᠢᠨ ᠭᠠᠷᠣᠯᠲᠠ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ | ᠬᠠᠮᠢᠶᠠᠷᠤᠯᠲᠠ ᠠᠰᠢᠭᠯᠠᠯᠲᠠ ᠶᠢᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠰᠢᠶᠠᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠨᠢᠭᠡᠲᠦᠯᠲᠡᠢ ᠵᠢᠯᠣᠭᠤᠳᠣᠯᠭ᠎ᠠ᠂ ᠪᠦᠭᠦᠳᠡ ᠶᠢᠨ ᠬᠠᠮᠲᠣᠷᠠᠯᠴᠠᠭ᠎ᠠ᠂ ᠨᠢᠭᠲᠠ | ᠬᠠᠮᠵᠢᠯᠴᠠᠭ᠎ᠠ ᠶᠣᠰᠣᠭᠠᠷ᠂ ᠲᠦᠪᠯᠡᠷᠡᠭᠦᠯᠦᠨ ᠴᠡᠭᠴᠡᠯᠡᠨ ᠵᠠᠰᠠᠬᠤ ᠬᠠᠮᠲᠣᠷᠠᠯ ᠬᠦᠴᠦᠨ ᠢ ᠪᠦᠷᠢᠯᠳᠦᠭᠦᠯᠵᠦ᠂ ᠬᠠᠣᠯᠢ | ᠲᠣᠭᠲᠠᠭᠠᠯ ᠢ ᠵᠦᠷᠢᠴᠡᠨ ᠭᠠᠵᠠᠷ ᠰᠢᠷᠣᠢ ᠬᠡᠷᠡᠭᠯᠡᠬᠦ ᠠᠰᠠᠭᠤᠳᠠᠯ ᠢ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠢ | ᠪᠦᠬᠦ ᠬᠦᠴᠦᠨ ᠢᠶᠠᠷ ᠠᠬᠢᠭᠤᠯᠵᠣ᠂ ᠮᠠᠨ ᠤ ᠰᠢᠶᠠᠨ ᠤ ᠦᠨᠳᠦᠷ ᠴᠢᠨᠰᠠᠭᠠᠲᠣ ᠬᠦᠭᠵᠢᠯᠲᠡ ᠳᠤ ᠨᠡᠩ ᠰᠠᠶᠢᠨ | ᠪᠠᠶᠢᠭᠠᠯᠢ ᠶᠢᠨ ᠡᠬᠢ ᠪᠠᠶᠠᠯᠢᠭ ᠤᠨ ᠪᠠᠲᠣᠯᠠᠭ᠎ᠠ ᠬᠠᠩᠭᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠤᠯᠠᠮ | ᠨᠢᠭᠡ ᠠᠯᠬᠤᠮ ᠴᠢᠩᠭᠠᠳᠬᠠᠵᠣ᠂ ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠣ᠂ ᠭᠤᠣᠯᠳᠠᠯᠭ᠎ᠠ ᠲᠠᠢ | ᠬᠦᠴᠢᠷ ᠠᠰᠠᠭᠤᠳᠠᠯ ᠢ ᠰᠢᠪᠲᠣᠯᠬᠤ ᠲᠠᠯ᠎ᠠ ᠪᠠᠷ ᠢᠲᠡᠭᠡᠯ ᠵᠣᠷᠢᠭ ᠢᠶᠠᠨ ᠪᠠᠲᠣᠳᠬᠠᠵᠣ᠂ ᠣᠪᠣᠷ ᠢᠶᠠᠨ ᠡᠷᠡᠰ ᠪᠠᠲᠣ | ᠪᠠᠶᠢᠯᠭᠠᠵᠣ᠂ ᠠᠵᠢᠯᠯᠠᠭ᠎ᠠ ᠲᠦᠷᠭᠡᠨ ᠪᠠᠶᠢᠵᠣ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠰᠠᠭᠤᠵᠣ᠂ | ᠪᠡᠶ᠎ᠡ ᠪᠠᠷ ᠢᠶᠠᠨ ᠣᠷᠣᠯᠴᠠᠵᠣ᠂ ᠪᠡᠶ᠎ᠡ ᠪᠠᠷ ᠢᠶᠠᠨ ᠰᠢᠮᠳᠠᠭᠤᠯᠣᠨ ᠪᠠᠶᠢᠴᠠᠭᠠᠬᠤ ᠬᠡᠷᠡᠭᠲᠡᠢ ᠭᠡᠵᠡᠢ᠃ |