2019 ᠤᠨ ᠤ ᠥᠪᠥᠷ ᠮᠤᠩᠭᠤᠯ ᠤᠨ ᠬᠤᠷᠳᠤᠨ ᠮᠤᠷᠢᠨ ᠤ ᠤᠷᠤᠯᠳᠤᠭᠠᠨ ᠤ ᠱᠠᠩᠨᠠᠯᠳᠤ ᠤᠷᠤᠯᠳᠤᠭᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2019-08-20
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠥᠷᠭᠡᠨ︶ 8 ᠰᠠᠷ᠎ᠠ ᠶᠢᠨ 19 ᠤ ᠦᠳᠡ ᠶᠢᠨ ᠬᠤᠶᠢᠨ᠎ᠠ᠂ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠳᠤᠭᠤᠨ ᠰᠤᠶᠤᠯ ᠤᠨ ᠨᠠᠶᠢᠷ ᠵᠢᠴᠢ ᠠᠩᠬᠠᠳᠤᠭᠠᠷ ᠬᠤᠭᠤᠴᠠᠭᠠᠨ ᠤ ᠥᠪᠥᠷ ᠮᠤᠩᠭᠤᠯ ᠤᠨ ᠤᠯᠠᠨ ᠤᠯᠤᠰ ᠤᠨ ᠠᠳᠤᠭᠤᠨ ᠰᠤᠶᠤᠯ  ᠤᠨ ᠴᠤᠭᠯᠠᠭᠠᠨ ᠤ ᠰᠢᠷᠢᠰ ᠠᠵᠢᠯᠯᠠᠭ᠎ᠠ ᠶᠢᠨ ᠨᠢᠭᠡ ᠪᠣᠯᠬᠤ ᠥᠪᠥᠷ ᠮᠤᠩᠭᠤᠯ ᠤᠨ ᠬᠤᠷᠳᠤᠨ ᠮᠣᠷᠢᠨ ᠤ ᠲᠣᠮᠣ ᠱᠠᠩᠨᠠᠯᠲᠤ ᠤᠷᠤᠯᠳᠤᠭᠠᠨ ᠬᠥᠬᠡᠲᠠᠯ᠎ᠠ ᠳᠤ ᠢᠳᠡ ᠬᠥᠭ ᠲᠠᠢ ᠶᠠᠪᠤᠭᠳᠠᠪᠠ᠃      ᠲᠤᠰ ᠤᠳᠠᠭ᠎ᠠ ᠶᠢᠨ ᠤᠷᠤᠯᠳᠤᠭᠠᠨ ᠳᠤ ᠪᠦᠳᠦᠭᠦᠨ ᠮᠣᠷᠢᠨ ᠤ 1200 ᠮᠧᠲᠷ ᠤᠨ ᠤᠷᠤᠯᠳᠤᠭᠠᠨ᠂ ᠰᠢᠳᠤᠯᠠᠩ ᠮᠣᠷᠢᠨ ᠤ 1000 ᠮᠧᠲᠷ ᠤᠨ ᠤᠷᠤᠯᠳᠤᠭᠠᠨ᠂ ᠳᠠᠭ᠎ᠠ ᠮᠣᠷᠢᠨ ᠤ 1000 ᠮᠧᠲᠷ ᠤᠨ ᠤᠷᠤᠯᠳᠤᠭᠠᠨ ᠪᠠ ᠪᠦᠳᠦᠭᠦᠨ ᠮᠣᠷᠢᠨ ᠤ 1000 ᠮᠧᠲᠷ ᠤᠨ ᠤᠷᠤᠯᠳᠤᠭᠠᠨ ᠲᠤᠰ ᠲᠤᠰ ᠶᠠᠪᠤᠭᠳᠠᠵᠤ᠂ ᠨᠠᠶᠢᠳᠠ 40 ᠮᠤᠷᠢ ᠤᠷᠤᠯᠴᠠᠨ ᠡᠯ᠎ᠡ ᠠᠳᠠᠯᠢ ᠪᠤᠰᠤ ᠲᠡᠰ ᠤᠨ ᠲᠤᠭᠤᠢᠢᠯᠠᠩ ᠤᠨ ᠤᠷᠤᠯᠳᠤᠭᠠᠨ ᠳᠤ ᠬᠤᠷᠳᠤᠴᠠ ᠪᠠᠨ ᠰᠢᠯᠭᠠᠪᠠ᠃ ᠡᠬᠦᠨ ᠳᠤ ᠪᠦᠳᠦᠭᠦᠨ ᠮᠣᠷᠢᠨ ᠤ 1200 ᠮᠧᠲᠷ ᠤᠨ ᠤᠷᠤᠯᠳᠤᠭᠠᠨ ᠪᠠ 1000 ᠮᠧᠲᠷ ᠤᠨ ᠤᠷᠤᠯᠳᠤᠭᠠᠨ ᠳᠤ ᠥᠪᠥᠷ ᠮᠣᠩᠭᠤᠯ ᠤᠨ ᠮᠧᠩ ᠵᠢᠶᠦ᠋ᠨ ᠣᠯᠠᠨ‌ᠤᠯᠤᠰ ᠤᠨ ᠠᠳᠤᠭᠤᠨ ᠤ ᠠᠵᠤ ᠦᠢᠯᠡᠰ ᠤᠨ ᠬᠢᠵᠠᠭᠠᠷᠲᠤ ᠺᠤᠮᠫᠠᠨᠢ ᠶᠢᠨ ᠲᠥᠯᠥᠭᠡᠯᠡᠭᠴᠢ ᠶᠢᠨ ᠠᠩᠭᠢ ᠶᠢᠨ ᠤᠨᠤᠭᠠᠴᠢᠨ᠂ ᠲᠦᠩᠯᠢᠶᠤᠤ᠋ ᠬᠤᠲᠠ ᠠᠴᠠ ᠢᠷᠡᠭᠰᠡᠨ ᠮᠤᠩᠭᠤᠯ ᠵᠠᠯᠠᠭᠤ ᠱᠤᠸᠠᠩ ᠶᠢᠩ  ᠤᠨ ︽ᠨᠤᠶᠠᠨ ᠰᠣᠷᠲᠣᠭᠤ︾ ᠮᠤᠷᠢ ᠪᠠ ︽ᠢᠷᠠᠭᠤ ᠠᠯᠳᠠᠷ ᠤᠨ ᠡᠵᠡᠨ︾ ᠮᠤᠷᠢ ᠲᠥᠷᠥᠬᠦᠯᠡᠵᠥ᠂ ᠰᠢᠳᠤᠯᠠᠩ ᠮᠣᠷᠢᠨ ᠤ 1000 ᠮᠧᠲᠷ  ᠤᠨ ᠤᠷᠤᠯᠳᠤᠭᠠᠨ ᠳᠤ ᠮᠥᠭᠳᠡᠨ ᠤ ᠪᠥᠸᠧ ᠰᠢᠨ ᠠᠳᠤᠭᠤᠨ ᠥᠢᠯᠡᠰ ᠤᠨ ᠲᠥᠯᠥᠭᠡᠯᠡᠭᠴᠢ ᠶᠢᠨ ᠠᠩᠭᠢ ᠶᠢᠨ ᠤᠨᠤᠭᠠᠴᠢᠨ ᠬᠢᠴᠢᠶᠡᠯᠲᠦ ᠶᠢᠨ ︽ᠭᠤᠸ᠎ᠠ ᠪᠡᠴᠢᠨ ᠸᠠᠩ ︾ ᠮᠤᠷᠢ ᠲᠥᠷᠥᠬᠦᠯᠡᠵᠥ᠂ ᠳᠠᠭ᠎ᠠ ᠮᠣᠷᠢᠨ ᠤ 1000 ᠮᠧᠲᠷ ᠤᠨ ᠤᠷᠤᠯᠳᠤᠭᠠᠨ ᠳᠤ ᠶᠦᠨᠨᠠᠨ ᠮᠤᠵᠢ ᠶᠢᠨ ᠮᠣᠷᠢᠨ ᠮᠡᠷᠭᠡᠵᠢᠯ ᠤᠨ ᠨᠡᠶᠢᠭᠡᠮᠯᠢᠭ ᠤᠨ ᠤᠨᠤᠭᠠᠴᠢᠨ ᠾᠧ ᠰᠢᠶᠠᠨ ᠹᠧᠢ ᠶᠢᠨ ︽ᠭᠠᠪᠰᠢᠭᠠᠢ︾  ᠮᠣᠷᠢ ᠲᠦᠷᠦᠭᠦᠯᠡᠪᠡ᠃      ᠥᠪᠡᠷᠳᠡᠭᠡᠨ ᠵᠠᠰᠠᠬᠤ ᠣᠷᠣᠨ ᠤ ᠮᠤᠷᠢᠨ ᠮᠡᠷᠭᠡᠵᠢᠯ ᠤᠨ ᠲᠡᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠫᠠᠨ ᠴᠥᠨ ᠶᠠᠩ᠄ ︽ᠲᠤᠰ ᠤᠳᠠᠭ᠎ᠠ ᠶᠢᠨ ᠤᠷᠤᠯᠳᠤᠭᠠᠨ ᠬᠤᠷᠳᠤᠨ ᠮᠤᠷᠢᠨ ᠤ ᠤᠷᠤᠯᠳᠤᠭᠠᠨ ᠳᠤ ᠤᠨᠤᠭᠠᠴᠢᠨ ᠤ ᠤᠷ᠎ᠠ ᠤᠬᠠᠭᠠᠨ ᠢ ᠰᠢᠯᠭᠠᠬᠤ ᠶᠢᠨ ᠬᠠᠮᠲᠤ ᠮᠤᠷᠢ ᠪᠠ ᠤᠨᠤᠭᠠᠴᠢᠨ ᠤ ᠬᠠᠮᠵᠢᠯᠴᠠᠭ᠎ᠠ ᠶᠢ ᠰᠢᠯᠭᠠᠭᠰᠠᠨ ᠢᠶᠠᠷ᠂ ᠤᠷᠤᠯᠳᠤᠭᠠᠨ ᠤ ᠮᠣᠷᠢ ᠶᠢ ᠠᠷᠠᠴᠢᠯᠠᠨ ᠲᠡᠵᠢᠬᠡᠵᠥ ᠪᠠᠶᠢᠭ᠎ᠠ ᠰᠢᠯᠢᠳᠡᠭ ᠠᠳᠤᠭᠤᠨ ᠤ ᠥᠢᠯᠡᠰ ᠤᠨ ᠺᠯᠦ᠋ᠪ ᠲᠤ ᠮᠣᠷᠢᠨ ᠤ ᠬᠤᠷᠳᠤ ᠪᠠᠨ ᠭᠠᠶᠢᠬᠠᠭᠤᠯᠬᠤ ᠲᠡᠪᠴᠠᠩ ᠬᠠᠨᠭ᠍ᠭᠠᠨ ᠥᠭᠬᠦ ᠶᠢᠨ ᠬᠠᠮᠲᠤ ᠠᠳᠤᠭᠤᠨ ᠰᠤᠶᠤᠯ ᠢ ᠤᠯᠠᠮᠵᠢᠯᠠᠨ᠂ ᠥᠷᠢᠰᠦᠯᠳᠦᠭᠡᠨ ᠤ ᠵᠤᠷᠢᠬ ᠰᠠᠨᠠᠭ᠎ᠠ ᠶᠢ ᠲᠡᠯᠬᠡᠨ ᠥᠵᠡᠬᠦᠯᠵᠦ᠂ ᠠᠳᠤᠭᠤᠨ ᠦᠢᠯᠡᠰ ᠢ ᠦᠷᠭᠦᠯᠵᠢᠯᠡᠨ ᠠᠬᠢᠭᠤᠯᠬᠤ ᠶᠢ ᠵᠣᠷᠢᠭᠰᠠᠨ ᠶᠤᠮ︾ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号