ᠢᠳᠡᠭᠡᠨ ᠤ ᠠᠶᠤᠯᠬᠦᠢ ᠶᠢᠨ ᠲᠦᠭᠰᠢᠭᠦᠷᠢ ᠶᠢ ᠴᠢᠩᠭ᠎ᠠ ᠰᠡᠷᠭᠡᠶᠢᠯᠡᠨ ᠴᠢᠩᠭ᠎ᠠ ᠬᠠᠮᠢᠶᠠᠷᠴᠤ ᠴᠢᠩᠭ᠎ᠠ ᠡᠵᠡᠮᠳᠡᠨ ᠲᠥᠪ ᠬᠤᠳᠠ ᠶᠢᠨ ᠬᠤᠳᠠ ᠶᠢ ᠴᠤᠭᠴᠠᠯᠠᠨ ᠪᠠᠶᠢᠭᠤᠯᠬᠤ ᠠᠵᠢᠯ ᠤᠨ ᠤᠷᠤᠭᠰᠢᠳᠠᠢ ᠶᠠᠪᠤᠭᠳᠠᠬᠤ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2019/8/20
ᠵᠤᠴᠢᠨ᠄ ᠬᠦᠬᠡᠬᠤᠳᠠ ᠶᠢᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠶᠢᠨ ᠲᠤᠪᠴᠢᠶᠠᠨ ᠲᠠᠷᠤᠭ᠎ᠠ ᠶᠦᠨ ᠳ᠋ᠦᠸᠧ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠶᠢᠨ ᠨᠠᠮ ᠤᠨ ᠲᠤᠭᠤᠶᠢᠯᠠᠩ ᠤᠨ ᠭᠡᠰᠢᠭᠦᠨ ᠡᠦ ᠶᠦᠩ ᠡᠾᠸᠦ᠂ ᠢᠳᠡᠭᠡᠨ ᠤ ᠬᠦᠢᠯᠭᠡᠭᠡ ᠶᠢᠨ ᠰᠠᠯᠠᠭ᠎ᠠ ᠶᠢᠨ ᠰᠠᠯᠠᠭᠠᠨ ᠲᠠᠷᠤᠭ᠎ᠠ ᠸᠠᠩ ᠴᠦᠨ ᠯᠢᠨ᠂ ᠢᠳᠡᠭᠡᠨ ᠤ ᠦᠢᠯᠡᠳᠪᠦᠷᠢᠯᠡᠯ ᠤᠨ ᠰᠠᠯᠠᠭ᠎ᠠ ᠶᠢᠨ ᠰᠠᠯᠠᠭᠠᠨ ᠲᠠᠷᠤᠭ᠎ᠠ ᠯᠢ ᠪᠦ᠋ ᠵᠢᠶᠦ᠋ᠨ
     ﹇ᠬᠠᠮᠢᠶᠠᠷᠤᠭᠴᠢ﹈ ᠲᠤᠰ ᠤᠳᠠᠭᠠᠨ ᠤ ᠰᠤᠷᠪᠤᠯᠵᠢᠯᠠᠭ᠎ᠠ ᠶᠢ ᠬᠦᠬᠡᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ ᠪᠠ ᠬᠦᠬᠡᠬᠤᠳᠠ ᠶᠢᠨ ᠷᠠᠳᠢᠤ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠨᠡᠪᠳᠡᠷᠡᠭᠦᠯᠭᠡ ᠬᠠᠮᠳᠤᠷᠠᠨ ᠡᠷᠬᠢᠯᠡᠵᠦ ᠪᠠᠶᠢᠨ᠎ᠠ᠃ ᠰᠦᠯᠵᠢᠶᠡᠨ ᠤ ᠨᠥᠬᠦᠳ ᠰᠦᠯᠵᠢᠶᠡᠨ ᠳᠡᠭᠡᠷ᠎ᠡ ᠦᠭᠡ ᠦᠯᠡᠳᠡᠭᠡᠵᠦ ᠮᠠᠨ ᠤ ᠰᠡᠳᠦᠪ ᠲᠤ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ  ᠃        ﹇ᠬᠦᠳᠦᠯᠦᠭᠴᠢ﹈  ᠤᠮᠠᠷᠠᠳᠤ ᠤᠷᠤᠨ ᠤ ᠮᠦᠨᠴᠦ ᠦᠪᠦᠷ ᠮᠤᠩᠭᠤᠯ ᠤᠨ ᠬᠦᠮᠦᠨ ᠪᠤᠯᠤᠭᠰᠠᠨ ᠤ ᠬᠤᠪᠢ ᠳᠤ᠂ ︽ᠬᠥᠬᠡ ᠤᠭᠲᠠᠷᠭᠤᠢ ᠴᠡᠩᠭᠡᠷᠯᠡᠭᠡᠳ ᠬᠦᠷᠦᠰᠦᠳᠦ ᠲᠡᠯᠡᠭᠡᠢ ᠴᠡᠯᠡᠶᠢᠨ᠎ᠡ᠂ ᠬᠤᠩᠭᠤᠷ ᠰᠠᠯᠬᠢᠨ᠎ᠠ ᠡᠪᠡᠰᠦ ᠨᠠᠶᠢᠭᠤᠬᠤᠯᠠᠷ᠂ ᠬᠤᠨᠢ ᠦᠬᠡᠷ ᠢᠷᠠᠶᠢᠨᠠᠮ︾ ᠡᠨᠡᠬᠦ ᠰᠢᠯᠦᠭ ᠢ ᠤᠯᠠᠩᠭᠢ ᠬᠦᠮᠦᠰ ᠪᠦᠷ ᠮᠡᠳᠡᠨ᠎ᠡ᠂ ᠡᠨᠡ ᠰᠢᠯᠦᠭ ᠪᠣᠯ ᠡᠮᠦᠨᠡᠳᠦ ᠤᠮᠠᠷᠠᠳᠤ ᠲᠥᠷᠥ ᠶᠢᠨ ᠦᠶ᠎ᠡ ᠶᠢᠨ ᠨᠢᠭᠡ ᠰᠢᠯᠦᠭᠴᠢ ᠶᠢᠨ  ︽ᠴᠢᠯᠧ ᠶᠢᠨ ᠳᠠᠭᠤᠯᠠᠯ︾ ᠠᠴᠠ ᠢᠷᠡᠯᠲᠡᠢ᠂ ᠮᠤᠨᠢ ᠠᠭᠤᠯᠠ ᠪᠠᠷ ᠲᠦᠰᠢᠭ ᠪᠣᠯᠭᠠᠭᠰᠠᠨ ᠦᠷᠭᠡᠨ ᠠᠭᠤᠳᠠᠮ ᠲᠠᠯ᠎ᠠ ᠨᠤᠲᠤᠭ ᠤᠨ ᠰᠦᠷᠯᠢᠭ ᠦᠵᠡᠮᠵᠢ ᠶᠢ ᠲᠦᠷᠰᠦᠯᠡᠵᠦ᠂ ᠮᠤᠩᠭᠤᠯ ᠦᠨᠳᠦᠰᠦᠳᠡᠨ ᠤ ᠵᠠᠩ ᠵᠠᠩᠰᠢᠯ ᠪᠠ ᠤᠷᠤᠨ ᠨᠤᠲᠤᠭ ᠤᠨ ᠠᠮᠢᠳᠤᠷᠠᠯ ᠤᠨ ᠭᠦᠨ ᠥᠩᠭᠡ ᠪᠤᠳᠤᠭ ᠢ ᠢᠯᠡᠳᠭᠡᠭᠰᠡᠨ ᠶᠤᠮ᠃ ᠤᠶᠢᠷ᠎ᠠ ᠶᠢᠨ ᠵᠢᠯ ᠠᠴᠠ ᠨᠠᠰᠢ᠂ ᠬᠦᠬᠡᠬᠤᠳᠠ ᠶᠢᠨ ᠠᠵᠤ ᠠᠬᠤᠢ ᠨᠡᠶᠢᠭᠡᠮ ᠦᠨᠳᠦᠷ ᠬᠤᠷᠳᠤᠴᠠ ᠪᠠᠷ ᠲᠤᠭᠳᠠᠭᠤᠨ ᠬᠦᠭᠵᠢᠵᠦ᠂ ᠠᠷᠠᠳ ᠤᠯᠠᠨ ᠤ ᠢᠳᠡᠭᠡᠨ ᠤ ᠠᠶᠤᠯᠬᠦᠢ ᠬᠡᠷᠡᠭᠯᠡᠭᠡ ᠶᠢᠨ ᠣᠷᠴᠢᠨ ᠪᠠ ᠠᠮᠢᠳᠤᠷᠠᠯ ᠤᠨ ᠵᠢᠭᠠᠯᠲᠠ ᠲᠤᠭ᠎ᠠ ᠶᠡᠬᠡᠪᠡᠷ ᠲᠡᠭᠡᠭᠰᠢᠯᠡᠯ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠ ᠪᠠᠶᠢᠭᠤᠯᠤᠮᠵᠢ ᠶᠢᠨ ᠦᠭᠡᠷᠡᠴᠢᠯᠡᠯᠳᠡ ᠪᠠᠷ ᠰᠠᠯᠠᠭ᠎ᠠ ᠮᠦᠴᠢᠷ ᠢ ᠨᠡᠶᠢᠯᠡᠭᠦᠯᠵᠦ ᠨᠡᠶᠢᠳᠭᠡᠭᠰᠡᠨ ᠠᠴᠠ ᠨᠠᠰᠢ᠂ ᠬᠦᠬᠡᠬᠤᠳᠠ ᠶᠢᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠲᠠ ᠶᠢᠨ ᠲᠤᠪᠴᠢᠶ᠎ᠠ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠦᠪᠡᠷᠳᠡᠭᠡᠨ ᠵᠠᠰᠠᠬᠤ ᠤᠷᠤᠨ ᠤ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠤᠯᠳᠠ ᠶᠢᠨ ᠲᠤᠪᠴᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠳᠠ ᠪᠠ ᠵᠢᠯᠤᠭᠤᠳᠤᠯᠭ᠎ᠠ ᠲᠤᠤᠷ᠎ᠠ᠂ ᠨᠠᠮ ᠤᠨ ᠲᠥᠪ ᠬᠤᠷᠢᠶ᠎ᠠ᠂ ᠲᠦᠷᠥ ᠶᠢᠨ ᠶᠠᠪᠤᠳᠠᠯ ᠤᠨ ᠬᠤᠷᠢᠶ᠎ᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ ᠢᠳᠡᠭᠡᠨ ᠤ ᠠᠶᠤᠯᠬᠦᠢ ᠶᠢᠨ ᠠᠵᠢᠯ ᠢ ᠴᠢᠩᠭᠠᠳᠬᠠᠬᠤ ᠲᠤᠬᠠᠢ ᠠᠯᠢ ᠤᠯᠠᠨ ᠪᠢᠴᠢᠭ ᠮᠠᠲ᠋ᠧᠷᠢᠶᠠᠯ ᠢᠶᠠᠷ ᠶᠡᠷᠦᠩᠬᠡᠶᠢᠯᠡᠨ ᠵᠢᠯᠤᠭᠤᠳᠤᠭᠤᠯᠵᠤ᠂ ᠪᠣᠰᠣᠳ ᠠᠴᠠ ᠲᠦᠷᠦᠭᠦᠯᠡᠬᠦ ᠰᠥᠰᠥ ᠵᠣᠷᠢᠭ ᠢᠶᠠᠷ᠂ ᠡᠷᠡᠰ ᠰᠢᠭᠤᠷᠬᠠᠶ ᠵᠣᠷᠢᠭ ᠰᠠᠨᠠᠭ᠎ᠠ ᠪᠠᠷ᠂ ᠪᠦᠬᠦ ᠬᠤᠲᠠ ᠶᠢᠨ ᠬᠡᠪᠴᠢᠶᠡᠨ ᠳᠤ ᠨᠢᠭᠡ ᠤᠳᠠᠭᠠᠨ ᠤ ᠦᠨᠡᠨ ᠪᠣᠳᠠᠲᠠᠶ ᠢᠳᠡᠭᠡᠨ ᠤ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠪᠠ ᠪᠦᠬᠦ ᠤᠯᠤᠰ ᠤᠨ ᠪᠣᠯᠪᠠᠰᠤᠨ ᠬᠤᠲᠠ᠂ ᠠᠷᠢᠭᠤᠨ ᠴᠡᠪᠡᠷ ᠬᠤᠲᠠ᠂ ᠢᠳᠡᠭᠡᠨ ᠤ ᠠᠶᠤᠯᠬᠦᠢ ᠶᠢᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠥᠭᠡᠷᠡᠴᠢᠯᠡᠯᠲᠡ ᠶᠢ ᠤᠷᠢᠳᠠᠪᠠᠷ ᠡᠬᠢᠯᠡᠬᠦᠯᠬᠦ ᠶᠢᠨ ᠬᠠᠮᠲᠤ ᠪᠥᠬᠦ ᠬᠤᠲᠠ ᠶᠢᠨ ᠬᠡᠪᠴᠢᠶᠡᠨ ᠳᠤ ᠵᠣᠷᠢᠭᠲᠠᠶ ᠪᠥᠭᠡᠳ ᠪᠦᠲᠦᠮᠵᠢᠲᠡᠶ ᠰᠦᠪᠡᠭᠴᠢᠯᠡᠵᠦ ᠦᠢᠯᠡᠳᠦᠯᠭᠡᠵᠢᠭᠦᠯᠦᠨ᠂ ᠢᠳᠡᠭᠡᠨ ᠤ ᠠᠶᠤᠯᠬᠦᠢ ᠶᠢᠨ ᠶᠡᠷᠦᠩᠬᠡᠶᠢᠯᠡᠨ ᠵᠠᠰᠠᠬᠤ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠪᠥᠬᠦ ᠬᠤᠲᠠ ᠶᠢᠨ ᠢᠳᠡᠭᠡᠨ ᠤ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠠᠮᠢᠵᠢᠷᠠᠯ ᠤᠨ ᠬᠦᠴᠦᠨ ᠢ ᠰᠡᠷᠭᠦᠭᠡᠵᠦ᠂᠂ ᠪᠥᠬᠦ ᠬᠤᠲᠠ ᠶᠢᠨ ᠠᠷᠠᠳ ᠲᠦᠮᠡᠨ ᠤ ᠢᠳᠡᠭᠡᠨ ᠤᠮᠳᠠᠭᠠᠨ ᠤ ᠠᠮᠢᠳᠤᠷᠠᠯ᠂ ᠬᠤᠭᠤᠯᠠᠨ ᠰᠢᠷᠡᠭᠡᠨ ᠤ ᠠᠶᠤᠯᠬᠦᠢ ᠂ ︽ᠭᠤᠷᠪᠠᠨ ᠬᠤᠲᠠ ᠶᠢ ᠵᠡᠷᠭᠡᠪᠡᠷ ᠴᠣᠭᠴᠠᠯᠠᠬᠤ︾ ᠠᠵᠢᠯ ᠢ ᠠᠬᠢᠭᠤᠯᠬᠤ ᠳᠤ ᠨᠠᠩ ᠬᠦᠴᠦᠲᠡᠶ ᠪᠠᠲᠤᠯᠠᠭ᠎ᠠ ᠪᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      ﹇ᠬᠦᠳᠦᠯᠦᠭᠴᠢ﹈ ᠬᠦᠬᠡᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠢᠭᠤᠯᠤᠭᠳᠠᠭᠰᠠᠨ ᠠᠴᠠ ᠪᠠᠨ ᠨᠠᠰᠢ᠂ ᠢᠳᠡᠭᠡᠨ ᠤ  ᠠᠶᠤᠯᠬᠦᠢ ᠶᠢᠨ ᠠᠵᠢᠯ ᠢ ᠴᠢᠩᠭᠠᠳᠬᠠᠵᠤ᠂ ᠲᠥᠪ ᠬᠤᠳᠠ ᠪᠥᠬᠦ ᠤᠯᠤᠰ ᠤᠨ ᠪᠣᠯᠪᠠᠰᠤᠨ ᠬᠤᠲᠠ᠂ ᠪᠥᠬᠦ ᠤᠯᠤᠰ ᠤᠨ ᠠᠷᠢᠭᠤᠨ ᠴᠡᠪᠡᠷ ᠬᠤᠲᠠ᠂ ᠪᠥᠬᠦ ᠤᠯᠤᠰ ᠤᠨ ᠢᠳᠡᠭᠡᠨ ᠤ ᠠᠶᠤᠯᠬᠦᠢ ᠶᠢᠨ ᠬᠤᠲᠠ ᠶᠢᠨ ᠪᠠᠶᠢᠭᠤᠯᠤᠯᠳᠠ ᠶᠢ ᠠᠬᠢᠭᠤᠯᠬᠤ ᠲᠠᠯ᠎ᠠ ᠳᠤ ᠶᠡᠭᠡ ᠬᠡᠮᠵᠢᠶᠡᠨ ᠤ ᠪᠦᠳᠦᠮᠵᠢᠳᠡᠢ ᠠᠵᠢᠯ ᠤᠳ ᠢ ᠬᠢᠵᠡᠶ᠃  ᠶᠦᠨ ᠲᠤᠪᠴᠢᠶᠠᠨ ᠲᠠᠷᠤᠭ᠎ᠠ ᠪᠢᠳᠡᠨ ᠳᠤ ᠢᠳᠡᠭᠡᠨ ᠤ ᠠᠶᠤᠯᠬᠦᠢ ᠶᠢᠨ ᠠᠵᠢᠯ ᠢ ᠬᠡᠷᠬᠢᠨ ᠦᠵᠡᠵᠦ ᠪᠠᠶᠢᠭ᠎ᠠ ᠪᠠᠨ᠂ ᠢᠳᠡᠭᠡᠨ ᠤ ᠠᠶᠤᠯᠬᠦᠢ ᠶᠢᠨ ᠠᠵᠢᠯ ᠢ ᠬᠡᠷᠬᠢᠨ ᠴᠢᠬᠤᠯᠠᠴᠢᠯᠠᠵᠤ ᠪᠠᠶᠢᠭ᠎ᠠ ᠲᠤᠬᠠᠢ ᠪᠠᠨ ᠶᠠᠷᠢᠵᠤ ᠦᠭᠭᠦᠨ᠎ᠡ ᠤᠤ︖      ﹇ᠶᠦᠨ ᠳ᠋ᠦᠸᠧ﹈ ᠵᠠ ᠲᠡᠭᠡᠶ᠎ᠡ᠃ ᠢᠳᠡᠭᠡᠨ ᠤ ᠠᠶᠤᠯᠬᠦᠢ ᠨᠢ ᠴᠢᠨᠠᠷ ᠰᠠᠶᠢᠲᠠᠶ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠤᠯᠪᠣᠭᠳᠠᠵᠤ᠂ ᠠᠷᠠᠳ ᠣᠯᠠᠨ ᠤ ᠬᠠᠮᠤᠭ ᠠᠴᠠ ᠰᠠᠨᠠᠭᠠᠰᠢᠷᠠᠳᠠᠭ ᠠᠷᠠᠳ ᠤᠨ ᠠᠮᠢᠳᠤᠷᠠᠯ ᠤᠨ ᠠᠰᠠᠭᠤᠳᠠᠯ ᠪᠣᠯᠤᠨ᠎ᠠ᠃ ᠨᠠᠮ ᠪᠠ ᠤᠯᠤᠰ ᠠᠴᠠ ᠢᠳᠡᠭᠡᠨ ᠤ ᠠᠶᠤᠯᠬᠦᠢ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠭᠡᠷ ᠢᠷᠡᠵᠦ  ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠢᠳᠡᠭᠡᠨ ᠤ  ᠠᠶᠤᠯᠬᠦᠢ ᠶᠢᠨ ᠠᠵᠢᠯ ᠢ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠪᠠ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠤᠷᠤᠭᠤᠯᠵᠤ᠂ ᠨᠢᠭᠡᠳᠦᠯᠲᠡᠶ ᠲᠥᠯᠥᠪᠯᠡᠨ ᠰᠦᠪᠡᠭᠴᠢᠯᠡᠨ ᠪᠠᠶᠢᠷᠢᠯᠠᠭᠤᠯᠵᠤ᠂ ᠪᠠᠶᠢᠭᠤᠯᠤᠯ ᠲᠣᠭᠲᠠᠴᠠ᠂ ᠬᠠᠤᠯᠢ ᠳᠦᠷᠢᠮ᠂ ᠠᠵᠤ ᠦᠢᠯᠡᠰ ᠤᠨ ᠲᠥᠯᠦᠪᠵᠢᠭᠦᠯᠭᠡ᠂ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠪᠠᠷ ᠠᠯᠢ ᠣᠯᠠᠨ ᠴᠢᠬᠤᠯᠠ ᠶᠡᠭᠡ ᠠᠷᠭ᠎ᠠ ᠬᠡᠮᠵᠢᠶ᠎ᠡ ᠨᠦᠭᠦᠳ ᠢ ᠠᠪᠤᠭᠰᠠᠨ ᠪᠠᠶᠢᠨ᠎ᠠ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ ︽ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠢᠳᠡᠭᠡᠨ‌‍ᠤ ᠠᠶᠤᠯᠬᠦᠢ ᠵᠢᠨ‌ᠠᠵᠢᠯ ᠢ ᠴᠢᠩᠭᠠᠳᠬᠠᠬᠤ ᠲᠤᠬᠠᠶ ᠰᠠᠨᠠᠯ︾ ᠢ ᠲᠤᠰᠬᠠᠶᠢᠯᠠᠨ ᠳᠠᠷᠤᠮᠠᠯᠯᠠᠨ ᠲᠠᠷᠬᠠᠭᠠᠵᠤ᠂ ᠰᠢᠨ᠎ᠡ ᠴᠠᠭ ᠦᠶ᠎ᠡ ᠶᠢᠨ ᠢᠳᠡᠭᠡᠨ ᠤ ᠠᠶᠤᠯᠬᠦᠢ ᠶᠢᠨ ᠠᠵᠢᠯ ᠤᠨ ᠰᠢᠨ᠎ᠡ ᠪᠠᠶᠢᠳᠠᠯ᠂ ᠰᠢᠨ᠎ᠡ ᠬᠠᠷᠠᠯᠲᠠ᠂ ᠰᠢᠨ᠎ᠡ ᠡᠭᠦᠷᠭᠡ ᠪᠣᠯᠤᠨ ᠰᠢᠨ᠎ᠡ ᠱᠠᠭᠠᠷᠳᠠᠯᠭ᠎ᠠ ᠶᠢ ᠤᠯᠠᠮ ᠴᠢᠨᠠᠭᠰᠢᠳᠠ ᠲᠣᠳᠣᠷᠬᠠᠶᠢᠯᠠᠵᠤ᠂ ᠪᠢᠳᠡᠨ ᠤ ᠢᠳᠡᠭᠡᠨ ᠤ  ᠠᠶᠤᠯᠬᠦᠢ ᠶᠢᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠦᠬᠦ ᠬᠤᠲᠠ ᠶᠢᠨ ᠢᠳᠡᠭᠡᠨ ᠤ ᠠᠶᠤᠯᠬᠦᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠢᠳᠡᠭᠡᠨ ᠤ ᠠᠶᠤᠯᠬᠦᠢ ᠶᠢᠨ ᠵᠥᠪᠯᠡᠯ ᠢ ᠪᠠᠶᠢᠭᠤᠯᠤᠨ᠂ ᠡᠯ᠎ᠡ ᠪᠦᠷᠢᠯᠳᠦᠬᠦᠨ ᠨᠢᠭᠡᠴᠡ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ︽ᠲᠠᠷᠢᠶᠠᠨ ᠭᠠᠵᠠᠷ︾ ᠠᠴᠠ ︽ᠬᠤᠭᠤᠯᠠᠨ ᠰᠢᠷᠡᠭᠡ︾ ᠬᠦᠷᠲᠡᠯᠡᠬᠢ ᠪᠦᠬᠦ ᠶᠠᠪᠤᠴᠠ ᠳᠤ ᠢᠳᠡᠭᠡᠨ ᠤ ᠠᠶᠤᠯᠬᠦᠢ ᠶᠢᠨ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠴᠢᠩᠭ᠎ᠠ ᠬᠠᠮᠢᠶᠠᠷᠴᠤ᠂ ᠴᠢᠩᠭ᠎ᠠ ᠡᠵᠡᠮᠳᠡᠨ᠂ ᠥᠷᠭᠡᠨ ᠣᠯᠠᠨ ᠠᠷᠠᠳ ᠲᠦᠮᠡᠨ ᠤ ᠢᠳᠡᠭᠡᠨ ᠤ ᠠᠶᠤᠯᠬᠦᠢ ᠶᠢ ᠪᠠᠲᠤᠯᠠᠪᠠ᠃      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠢᠳᠡᠭᠡᠨ ᠤ ᠠᠮᠤᠷ ᠲᠦᠪᠰᠢᠨ ᠤ ᠠᠯᠪᠠᠨ ᠭᠡᠷ ᠤᠨ ᠪᠠᠶᠢᠭ᠎ᠠ ᠨᠢᠭᠡᠴᠡ ᠪᠣᠯᠤᠭᠰᠠᠨ ᠤ ᠬᠤᠪᠢ ᠳᠤ᠂ ᠢᠳᠡᠭᠡᠨ ᠤ ᠠᠶᠤᠯᠬᠦᠢ ᠶᠢᠨ ᠲᠠᠯ᠎ᠠ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠦᠯᠲᠡ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠶᠡᠭᠡ ᠬᠡᠮᠵᠢᠶᠡᠨ ᠤ ᠠᠵᠢᠯ  ᠬᠢᠵᠦ᠂ ᠢᠳᠡᠭᠡᠨ ᠤ ᠲᠤᠬᠠᠶ ᠣᠯᠠᠨ ᠵᠦᠢᠯ ᠤᠨ ᠲᠤᠰᠬᠠᠶ ᠠᠵᠢᠯᠯᠠᠭ᠎ᠠ ᠥᠷᠨᠢᠭᠦᠯᠪᠡ᠃ ᠵᠢᠱᠢᠶᠡᠯᠡᠪᠡᠯ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠮᠠᠨ ᠤ ᠲᠣᠪᠴᠢᠶ᠎ᠠ ᠪᠥᠬᠦ ᠬᠤᠲᠠ ᠶᠢᠨ ᠰᠤᠷᠤᠭᠴᠢᠳ ᠤᠨ ︽ᠵᠢᠵᠢᠭ ᠬᠤᠭᠤᠯᠠᠨ ᠰᠢᠷᠡᠭᠡ︾ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ 3200 ︽ᠵᠢᠵᠢᠭ ᠬᠤᠭᠤᠯᠠᠨ ᠰᠢᠷᠡᠭᠡ︾ ᠶᠢ  ᠪᠠᠶᠢᠴᠠᠭᠠᠵᠤ᠂ ᠵᠠᠷᠯᠢᠭ ᠪᠠᠭᠤᠯᠭᠠᠨ 1670 ᠶᠢ ᠨᠢ ᠴᠡᠭᠴᠡᠯᠡᠨ ᠥᠭᠡᠷᠡᠴᠢᠯᠡᠭᠦᠯᠵᠦ᠂ 65 ᠶᠢ ᠨᠢ ᠵᠤᠭᠰᠤᠭᠠᠪᠠ᠃ ᠪᠠᠰᠠ ᠵᠢᠱᠢᠶᠡᠯᠡᠪᠡᠯ᠂ ᠰᠦ ᠮᠢᠬᠠᠨ ᠤ ᠪᠦᠲᠦᠭᠡᠭᠳᠡᠬᠦᠨ ᠪᠠ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠤ ᠵᠠᠬ᠎ᠠ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠦ ᠮᠢᠬᠠᠨ ᠤ ᠪᠦᠲᠦᠭᠡᠭᠳᠡᠬᠦᠨ᠂ ᠢᠳᠡᠰᠢᠨ ᠤ ᠤᠷᠭᠤᠮᠠᠯ ᠤᠨ ᠲᠣᠰᠣ᠂ ᠤᠮᠳᠠᠭᠠᠨ᠂ ᠬᠠᠷ᠎ᠠ ᠠᠷᠢᠬᠢ᠂ ᠪᠤᠷᠴᠠᠭ ᠤᠨ ᠢᠳᠡᠭᠡᠨ᠂ ᠪᠣᠤᠪᠤ ᠪᠣᠭᠤᠷᠰᠤᠭ ᠵᠡᠷᠭᠡ ᠭᠤᠤᠯᠳᠠᠯᠭ᠎ᠠ ᠲᠠᠢ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠪᠠ ᠡᠵᠡᠩᠨᠡᠯᠲᠡ ᠶᠢᠨ ᠭᠤᠤᠯ ᠴᠣᠭᠴᠠ ᠶᠢ 8321 ᠶᠢ ᠪᠠᠶᠢᠴᠠᠭᠠᠵᠤ᠂ ᠬᠥᠳᠡᠭᠡ ᠲᠣᠰᠬᠤᠨ ᠤ ᠬᠠᠮᠲᠤ ᠨᠡᠶᠢᠲᠡ ᠶᠢᠨ ᠬᠤᠭᠤᠯᠠ ᠤᠮᠳᠠ ᠶᠢ 120 ᠤᠳᠠᠭ᠎ᠠ ᠪᠠᠶᠢᠴᠠᠭᠠᠵᠤ᠂ 72 ᠬᠠᠷ᠎ᠠ ᠡᠭᠦᠷ ᠢ ᠤᠰᠠᠳᠬᠠᠵᠤ᠂ ᠡᠵᠡᠩᠨᠡᠯᠲᠡ ᠶᠢᠨ ᠨᠥᠬᠦᠴᠡᠯ ᠨᠢ ᠪᠠᠷᠢᠮᠵᠢᠶ᠎ᠠ ᠳᠤ ᠬᠦᠷᠦᠭᠰᠡᠨ ᠥᠬᠡᠶ᠂ ᠫᠢᠶᠣᠣ ᠪᠠᠷᠢᠮᠲᠠ ᠭᠡᠷᠡᠴᠢ ᠲᠡᠮᠳᠡᠭ ᠠᠪᠬᠤ ᠶᠢ ᠨᠠᠶᠢᠳᠠᠪᠤᠷᠢᠵᠢᠭᠤᠯᠤᠭᠰᠠᠨ ᠦᠭᠡᠢ ᠵᠡᠷᠭᠡ 89 ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠪᠠ᠃ 3929 ᠪᠦᠯᠦᠭ ᠤᠳᠠᠭ᠎ᠠ ᠶᠢᠨ ᠢᠳᠡᠭᠡᠨ ᠤ ᠵᠦᠢᠯ  ᠢ ᠰᠤᠭᠤᠯᠤᠨ ᠪᠠᠶᠢᠴᠠᠭᠠᠪᠠ᠃ ᠲᠣᠮᠣ ᠬᠡᠯᠪᠡᠷᠢ ᠶᠢᠨ ᠠᠵᠢᠯᠯᠠᠭ᠎ᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠶᠤᠯᠬᠦᠢ ᠶᠢᠨ ᠪᠠᠲᠤᠯᠠᠭ᠎ᠠ ᠶᠢᠨ ᠠᠵᠢᠯ ᠢ 11 ᠤᠳᠠᠭ᠎ᠠ ᠵᠣᠬᠢᠶᠠᠨ ᠪᠠᠶᠢᠭᠤᠯᠵᠤ ᠤᠷᠤᠯᠴᠠᠪᠠ᠃      ᠡᠨᠡ ᠵᠢᠯ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠤᠰᠬᠠᠶᠢᠯᠠᠨ ᠬᠠᠤᠯᠢ ᠭᠡᠷᠡᠭᠵᠢᠬᠦᠯᠦᠯᠳᠡ ᠶᠢ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠦᠬᠦ ᠬᠤᠲᠠ ᠶᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠶᠤᠯᠬᠦᠢ ᠶᠢᠨ ᠬᠠᠤᠯᠢ ︾ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠡ᠂ ᠡᠨᠡ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠤᠶᠢᠷ᠎ᠠ ᠶᠢᠨ ᠵᠢᠯ ᠳᠠᠬᠢ ᠢᠳᠡᠭᠡᠨ ᠤ ᠠᠶᠤᠯᠬᠦᠢ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠳᠠ ᠶᠢᠨ ᠬᠡᠪᠴᠢᠶ᠎ᠡ ᠪᠠᠷ ᠬᠠᠮᠤᠭ ᠶᠡᠭᠡ ᠨᠢᠭᠡ ᠤᠳᠠᠭ᠎ᠠ ᠪᠣᠯᠤᠨ᠎ᠠ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠤᠷᠢᠳᠴᠢᠯᠠᠨ ᠮᠡᠳᠡᠭᠳᠡᠬᠦ ᠦᠭᠡᠢ᠂ ᠪᠠᠶᠢᠴᠠᠭᠠᠬᠤ ᠵᠠᠮ ᠱᠤᠭᠤᠮ ᠪᠠ ᠨᠢᠭᠡᠴᠡ ᠭᠠᠷᠭᠠᠬᠤ ᠦᠭᠡᠢ᠂ ᠳᠠᠯᠢᠮ ᠤᠨ ᠰᠤᠭᠤᠯᠤᠨ ᠪᠠᠶᠢᠴᠠᠭᠠᠯᠳᠠ ᠬᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠳᠤᠷᠠᠳᠤᠨ ᠭᠠᠷᠭᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠤᠨ᠎ᠠ᠃ ᠡᠨᠡ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠢᠳᠡᠭᠡᠨ ᠤ ᠠᠶᠤᠯᠬᠦᠢ ᠪᠠ ᠢᠳᠡᠭᠡᠨ ᠤ ᠠᠶᠤᠯᠭᠦᠢ ᠶᠢᠨ ᠬᠤᠲᠠ ᠶᠢ ᠴᠤᠭᠴᠠᠯᠠᠨ ᠪᠠᠶᠢᠭᠤᠯᠬᠤ ᠠᠵᠢᠯ ᠢ ᠴᠢᠬᠤᠯᠠᠴᠢᠯᠠᠨ ᠦᠵᠡᠵᠦ ᠪᠠᠶᠢᠬᠤ ᠶᠢ ᠭᠦᠢᠴᠡᠳ ᠢᠯᠡᠷᠡᠭᠦᠯᠵᠡᠶ᠂ ᠡᠨᠡ ᠪᠣᠯ ᠮᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠢᠳᠡᠭᠡᠨ ᠤ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠪᠣᠯᠤᠨ ᠢᠳᠡᠭᠡᠨ ᠤ ᠠᠶᠤᠯᠭᠦᠢ ᠶᠢᠨ ᠬᠤᠲᠠ ᠶᠢ ᠴᠤᠭᠴᠠᠯᠠᠨ ᠪᠠᠶᠢᠭᠤᠯᠬᠤ ᠠᠵᠢᠯ ᠢ ᠨᠠᠩ ᠰᠠᠶᠢᠲᠤᠷ ᠥᠷᠨᠢᠭᠦᠯᠵᠦ᠂ ᠠᠷᠠᠳ ᠣᠯᠠᠨ ᠤ ᠢᠳᠡᠭᠡᠨ ᠤ ᠠᠶᠤᠯᠬᠦᠢ ᠶᠢ ᠰᠠᠶᠢᠲᠤᠷ ᠪᠠᠲᠤᠯᠠᠬᠤ ᠳᠤ ᠦᠵᠡᠭᠦᠯᠦᠭᠰᠡᠨ ᠬᠦᠴᠦᠲᠡᠶ ᠳᠡᠮᠵᠢᠯᠭᠡ ᠪᠠ ᠠᠬᠢᠭᠤᠯᠤᠯ ᠪᠣᠯᠤᠨ᠎ᠠ᠃      ︽ᠭᠤᠷᠪᠠᠨ ᠬᠤᠲᠠ ᠶᠢ ᠵᠡᠷᠭᠡᠪᠡᠷ ᠴᠤᠭᠴᠠᠯᠠᠬᠤ︾ ᠠᠵᠢᠯ ᠢ ᠬᠡᠷᠡᠭᠵᠢᠭᠦᠯᠦᠭᠰᠡᠨ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠤᠨ ᠢᠳᠡᠭᠡᠨ ᠤ ᠠᠶᠤᠯᠬᠦᠢ ᠶᠢᠨ ᠬᠤᠲᠠ ᠶᠢ ᠡᠭᠦᠳᠦᠨ ᠪᠠᠶᠢᠭᠤᠯᠬᠤ ᠶᠢ ︽ᠭᠤᠷᠪᠠᠨ ᠬᠤᠲᠠ ᠶᠢ ᠵᠡᠷᠭᠡᠪᠡᠷ ᠴᠤᠭᠴᠠᠯᠠᠬᠤ︾ ᠶᠢᠨ ᠴᠢᠬᠤᠯᠠ ᠪᠦᠷᠢᠯᠳᠦᠬᠦᠨ ᠬᠡᠰᠡᠭ ᠪᠣᠯᠭᠠᠵᠤ᠂ ᠥᠷᠭᠡᠨ ᠣᠯᠠᠨ ᠲᠦᠮᠡᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ᠂ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠠᠴᠠ ᠰᠢᠭᠤᠳ ᠲᠥᠷᠥᠭᠳᠡᠯ ᠲᠠᠢ ᠢᠳᠡᠭᠡᠨ ᠤ ᠠᠶᠤᠯᠬᠦᠢ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠭᠡᠨ ᠤ ᠠᠶᠤᠯᠬᠦᠢ ᠶᠢᠨ ᠬᠡᠯᠬᠢᠶᠡᠵᠢᠯ᠂ ᠪᠦᠬᠦ ᠬᠦᠷᠢᠶ᠎ᠡ ᠬᠡᠪᠴᠢᠶᠡᠨ ᠳᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠲᠣᠭᠤᠭᠠᠨ ᠭᠡᠷ ᠤᠨ ᠬᠤᠪᠢᠰᠬᠠᠯ᠂ ︽ᠵᠢᠷᠭᠤᠭᠠᠨ ᠵᠢᠵᠢᠭ︾ ᠢᠳᠡᠭᠡᠨ ᠤ ᠠᠵᠢᠯ ᠲᠥᠷᠥᠯ ᠢ ᠴᠡᠭᠴᠡᠯᠡᠨ ᠵᠠᠰᠠᠬᠤ᠂ ︽ᠳᠥᠷᠪᠡᠨ ᠴᠠᠭᠠᠨ ᠢᠳᠡᠭᠡᠨ︾᠂ ᠰᠦᠯᠵᠢᠶᠡᠨ ᠳᠡᠭᠡᠷ᠎ᠡ ᠬᠤᠭᠤᠯᠠ ᠵᠠᠬᠢᠶᠠᠯᠠᠬᠤ ︽ᠲᠣᠣᠷ ᠰᠦᠯᠵᠢᠶ᠎ᠡ ᠶᠢ ᠴᠡᠪᠡᠷᠯᠡᠬᠦ ᠠᠵᠢᠯᠯᠠᠭ᠎ᠠ︾᠂ ᠢᠳᠡᠭᠡᠨ ᠪᠠ ᠡᠮ ᠤᠨ ᠵᠦᠢᠯ ᠤᠨ ᠠᠶᠤᠯᠬᠦᠢ ᠶᠢᠨ ᠵᠠᠭᠤᠨ ᠡᠳᠦᠷ ᠤᠨ ᠠᠵᠢᠯᠯᠠᠭ᠎ᠠ ᠵᠡᠷᠭᠡ 50 ᠭᠠᠷᠤᠢ ᠵᠦᠢᠯ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠢᠳᠡᠭᠡᠨ ᠤ ᠠᠶᠤᠯᠬᠦᠢ ᠶᠢᠨ ᠰᠠᠭᠤᠷᠢ ᠪᠡᠯᠡᠳᠬᠡᠮᠵᠢ ᠶᠢᠨ ᠪᠠᠶᠢᠭᠤᠯᠤᠯᠳᠠ ᠶᠢ ᠴᠢᠩᠭᠠᠳᠬᠠᠨ᠂ ᠢᠳᠡᠭᠡᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠪᠦᠭᠡᠮᠨᠡᠷᠡᠯ᠂ ᠲᠦᠷᠢᠮᠵᠢᠭᠰᠡᠨ ᠬᠦᠭᠵᠢᠯᠳᠡ ᠶᠢ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠢᠳᠡᠭᠡᠨ ᠤ ᠠᠶᠤᠯᠬᠦᠢ ᠶᠢᠨ ᠬᠤᠲᠠ ᠶᠢ ᠡᠭᠦᠳᠦᠨ ᠪᠠᠶᠢᠭᠤᠯᠬᠤ ᠠᠵᠢᠯ ᠱᠠᠳᠤᠴᠢ ᠴᠢᠨᠠᠷᠲᠠᠢ ᠦᠷ᠎ᠡ ᠪᠦᠲᠦᠮᠵᠢ ᠣᠯᠪᠠ᠃        ᠮᠠᠨ ᠤ ᠲᠣᠪᠴᠢᠶ᠎ᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠶᠢᠨ ᠵᠡᠷᠭᠡᠪᠡᠷ᠂ ᠢᠳᠡᠭᠡᠨ ᠤ ᠠᠶᠤᠯᠬᠦᠢ ᠶᠢᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ ᠶᠢ ᠴᠢᠬᠤᠯᠠᠴᠢᠯᠠᠪᠠ᠃ ︽ᠬᠦᠬᠡᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠤᠯᠤᠰ ᠤᠨ ᠲᠡᠰ ᠤᠨ ᠢᠳᠡᠭᠡᠨ ᠤ  ᠠᠶᠤᠯᠬᠦᠢ ᠶᠢᠨ ᠬᠤᠲᠠ ᠶᠢ ᠡᠭᠦᠳᠦᠨ ᠪᠠᠶᠢᠭᠤᠯᠬᠤ ᠢᠳᠡᠭᠡᠨ ᠤ ᠠᠶᠤᠯᠬᠦᠢ ᠶᠢᠨ ᠲᠤᠰᠬᠠᠶ ᠵᠠᠰᠠᠨ ᠴᠡᠭᠴᠡᠯᠡᠯᠲᠡ ᠶᠢᠨ ᠠᠵᠢᠯ ᠤᠨ ᠲᠦᠰᠦᠯ︾ ᠢ ᠳᠠᠷᠤᠮᠠᠯᠯᠠᠨ ᠲᠠᠷᠬᠠᠭᠠᠵᠤ᠂ ᠭᠤᠷᠪᠠᠨ ᠰᠢᠮᠳᠠᠭᠤᠯᠤᠨ ᠵᠢᠯᠣᠭᠤᠳᠬᠤ ᠲᠤᠭᠤᠶᠢᠯᠠᠩ ᠪᠠᠶᠢᠭᠤᠯᠵᠤ᠂ ᠳᠣᠷᠣᠭᠰᠢ ᠬᠤᠲᠠ ᠶᠢᠨ ᠲᠦᠷᠪᠡᠨ ᠲᠣᠭᠤᠷᠢᠭ ᠵᠢᠴᠢ ᠨᠡᠭᠡᠭᠡᠯᠲᠡ ᠶᠢᠨ ᠲᠣᠭᠤᠷᠢᠭ ᠲᠤ ᠬᠦᠷᠴᠦ ᠴᠡᠭ ᠲᠤᠨᠢ ᠴᠢᠭᠯᠡᠭᠦᠯᠦᠨ ᠰᠢᠮᠳᠠᠭᠤᠯᠤᠨ ᠵᠢᠯᠣᠭᠤᠳᠴᠤ ᠪᠠᠶᠢᠴᠠᠭᠠᠯᠳᠠ ᠬᠢᠵᠦ᠂ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠠᠭ ᠲᠤᠬᠠᠶ ᠳᠤᠨᠢ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠢ ᠮᠥᠷᠳᠡᠨ ᠬᠢᠨᠠᠯᠲᠠ ᠲᠠᠯᠪᠢᠬᠤ ᠪᠠᠨ ᠴᠢᠩᠭᠠᠳᠬᠠᠪᠠ︔ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠤᠶᠤ ᠴᠡᠭᠴᠡᠯᠡᠨ ᠥᠭᠡᠷᠡᠴᠢᠯᠡᠭᠰᠡᠨ ᠤ ᠳᠠᠷᠠᠭ᠎ᠠ ᠮᠥᠨ ᠬᠦ ᠱᠠᠭᠠᠷᠳᠠᠯᠭ᠎ᠠ ᠳᠤ ᠬᠦᠷᠬᠦ ᠦᠭᠡᠢ ᠶᠢ ᠨᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠬᠡᠪᠡ᠃        ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠯ᠎ᠠ ᠳᠤ ᠬᠦᠴᠦ ᠲᠠᠯᠪᠢᠭᠰᠠᠨ ᠢᠶᠠᠷ ᠪᠠᠷᠠᠬᠤ ᠦᠭᠡᠢ᠂ ᠤᠬᠠᠭᠤᠯᠭ᠎ᠠ ᠪᠠ ᠦᠢᠯᠡᠴᠢᠯᠡᠭᠡ ᠶᠢ ᠳᠡᠯᠭᠡᠷᠡᠭᠦᠯᠬᠦ ᠲᠠᠯ᠎ᠠ ᠳᠤ ᠪᠠᠰᠠ ᠬᠦᠴᠦ ᠲᠠᠯᠪᠢᠵᠠᠢ᠃ ᠢᠳᠡᠭᠡᠨ ᠤ ᠠᠶᠤᠯᠬᠦᠢ ᠶᠢᠨ ᠤᠬᠠᠭᠤᠯᠭ᠎ᠠ ᠶᠢᠨ ᠭᠠᠷᠠᠭ ᠪᠣᠯᠤᠨ ᠡᠯ᠎ᠡ ᠲᠥᠷᠥᠯ ᠤᠨ ᠢᠳᠡᠭᠡᠨ ᠤ ᠤᠬᠠᠭᠤᠯᠭ᠎ᠠ  ᠶᠢᠨ ᠪᠣᠯᠪᠠᠰᠤᠷᠠᠭᠤᠯᠤᠯ ᠢ ᠶᠡᠬᠡᠪᠡᠷ ᠥᠷᠨᠢᠭᠦᠯᠵᠦ᠂ ᠢᠳᠡᠭᠡᠨ᠂ ᠬᠤᠭᠤᠯᠠ ᠤᠮᠳᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠬᠤᠪᠢ ᠡᠷᠦᠬᠡ ᠶᠢᠨ ᠢᠲᠡᠭᠡᠮᠵᠢ ᠶᠢᠨ ᠦᠵᠡᠯ ᠤᠬᠠᠮᠰᠠᠷ ᠢ ᠲᠡᠭᠡᠭᠰᠢᠯᠡᠭᠦᠯᠪᠡ᠃ ᠢᠳᠡᠭᠡᠨ ᠤ ᠠᠶᠤᠯᠬᠦᠢ ᠶᠢᠨ ᠵᠡᠭᠡᠯᠢ ᠪᠠ ᠢᠳᠡᠭᠡᠨ ᠤ ᠪᠣᠷᠣᠯᠠᠭᠤᠯᠭ᠎ᠠ ᠶᠢᠨ ᠵᠢᠱᠢᠶ᠎ᠡ ᠦᠵᠡᠭᠦᠯᠬᠦ ᠡᠷᠦᠬᠡ ᠶᠢ ᠡᠭᠦᠳᠦᠨ ᠪᠠᠶᠢᠭᠤᠯᠬᠤ ᠵᠢᠴᠢ ᠲᠠᠷᠢᠶᠠᠯᠠᠩ ᠤᠨ ᠪᠦᠳᠦᠭᠡᠭᠳᠡᠭᠦᠨ ᠤ ᠪᠤᠯᠪᠠᠰᠤᠨ ᠵᠠᠬ᠎ᠠ᠂ ᠬᠡᠲᠦ ᠳᠡᠯᠭᠡᠭᠦᠷ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠤᠣᠯᠳᠠᠯᠭ᠎ᠠ ᠲᠠᠢ ᠥᠷᠨᠢᠭᠦᠯᠵᠦ᠂ ᠢᠳᠡᠭᠡᠨ ᠤ ᠠᠶᠤᠯᠬᠦᠢ ᠶᠢᠨ ᠵᠢᠱᠢᠶ᠎ᠡ ᠦᠵᠡᠭᠦᠯᠬᠦ ᠵᠡᠭᠡᠯᠢ 70᠂ ᠵᠢᠱᠢᠶ᠎ᠡ ᠦᠵᠡᠭᠦᠯᠬᠦ ᠨᠢᠭᠡᠴᠡ 1296᠂ ᠰᠠᠨᠠᠭ᠎ᠠ ᠠᠮᠦᠷ ᠮᠢᠬ᠎ᠠ ᠨᠣᠭᠤᠭᠠᠨ ᠤ ᠬᠡᠲᠦ ᠳᠡᠯᠭᠡᠭᠦᠷ 15᠂ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ 72 ᠶᠢ ᠡᠭᠦᠳᠦᠨ ᠪᠠᠶᠢᠭᠤᠯᠪᠠ᠃       ﹇ᠬᠦᠳᠦᠯᠦᠭᠴᠢ﹈  ᠰᠠᠶ᠋ᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠠᠴᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ  ᠬᠥᠷᠲᠡᠯ᠎ᠡ ᠢᠳᠡᠭᠡᠨ ᠤ ᠠᠶᠤᠯᠬᠦᠢ ᠶᠢᠨ ᠠᠵᠢᠯ ᠢ ᠬᠡᠷᠬᠢᠨ ᠴᠢᠬᠤᠯᠠᠴᠢᠯᠠᠭᠰᠠᠨ ᠲᠠᠯ᠎ᠠ ᠪᠠᠷ ᠪᠢᠳᠡᠨ ᠳᠤ ᠶᠡᠷᠦᠩᠬᠡᠶ ᠲᠠᠨᠢᠯᠴᠠᠭᠤᠯᠭ᠎ᠠ ᠬᠢᠯ᠎ᠡ᠃ ᠳᠣᠤᠷ᠎ᠠ ᠪᠢᠳᠡᠨ ᠳᠤ ᠮᠠᠨ ᠤ ᠬᠥᠬᠡᠬᠤᠲᠠ ᠢᠳᠡᠭᠡᠨ ᠤ ᠠᠶᠤᠯᠬᠦᠢ ᠶᠢᠨ ᠲᠠᠯ᠎ᠠ ᠳᠤ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠲᠤᠬᠠᠢ ᠶᠠᠷᠢᠵᠤ ᠥᠭᠭᠦᠨ᠎ᠡ  ᠤᠤ︖      ﹇ᠡᠦ ᠶᠥᠩ ᠡᠾᠸᠦ﹈  ᠬᠦᠬᠡᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠭᠤᠷᠪᠠᠨ ᠬᠤᠲᠠ ᠶᠢ ᠵᠡᠷᠭᠡᠪᠡᠷ ᠴᠣᠭᠴᠠᠯᠠᠬᠤ︾  ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠦᠬᠡᠬᠤᠳᠠ ᠶᠢᠨ ᠤᠯᠤᠰ ᠤᠨ ᠢᠳᠡᠭᠡᠨ ᠤ ᠠᠶᠤᠯᠬᠦᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠡᠭᠦᠷᠭᠡ ᠶᠢᠨ ᠬᠤᠪᠢᠶᠠᠷᠢᠯᠠᠯ ᠢ ᠨᠠᠷᠢᠨ ᠲᠣᠭᠲᠠᠭᠠᠵᠤ᠂ ᠨᠡᠶᠢᠲᠡ 130 ᠵᠦᠢᠯ ᠤᠨ ᠪᠣᠳᠠᠲᠠᠶ ᠠᠵᠢᠯ ᠤᠨ ᠠᠭᠤᠯᠭ᠎ᠠ ᠶᠢ ᠵᠢᠭᠰᠠᠭᠠᠨ ᠭᠠᠷᠭᠠᠵᠤ᠂ ᠬᠠᠷᠢᠭᠤᠴᠠᠬᠤ ᠰᠠᠯᠠᠭ᠎ᠠ ᠮᠥᠴᠢᠷ ᠪᠣᠯᠤᠨ ᠨᠢᠭᠡᠴᠡ ᠶᠢ ᠲᠣᠳᠣᠷᠬᠠᠶᠢᠯᠠᠵᠤ᠂ ᠡᠯ᠎ᠡ ᠵᠦᠢᠯ ᠤᠨ ᠡᠭᠦᠳᠦᠨ ᠪᠠᠶᠢᠭᠤᠯᠬᠤ ᠠᠵᠢᠯ ᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠪᠠ᠃      ᠣᠯᠤᠭᠰᠠᠨ ᠭᠤᠤᠯ ᠦᠷ᠎ᠡ ᠪᠦᠲᠦᠮᠵᠢ ᠨᠢ᠄ ᠨᠢᠭᠡ ᠳᠤ᠂ ᠢᠳᠡᠭᠡᠨ ᠤᠮᠳᠠᠭᠠᠨ ᠤ ᠦᠢᠯᠡᠴᠢᠯᠡᠭᠡ ᠶᠢ  ᠬᠢᠨᠠᠨ ᠬᠠᠮᠢᠶᠠᠷᠬᠤ ᠠᠵᠢᠯ ᠢ ᠴᠢᠩᠭᠠᠳᠬᠠᠪᠠ᠃ ᠢᠳᠡᠭᠡᠨ ᠤ ᠠᠶᠤᠯᠬᠦᠢ ᠶᠢᠨ ᠵᠢᠱᠢᠶ᠎ᠡ ᠦᠵᠡᠭᠦᠯᠬᠦ ᠵᠡᠭᠡᠯᠢ᠂ ᠵᠢᠱᠢᠶ᠎ᠡ ᠦᠵᠡᠭᠦᠯᠬᠦ ᠳᠡᠯᠭᠡᠭᠦᠷ᠂ ᠠᠮᠲᠠᠲᠤ ᠢᠳᠡᠭᠡᠨ ᠤ ᠵᠡᠭᠡᠯᠢ᠂ ᠰᠤᠷᠭᠠᠭᠤᠯᠢ ︵ᠬᠡᠤᠬᠡᠳ ᠤᠨ ᠴᠡᠴᠡᠷᠯᠢᠭ ᠪᠠᠭᠲᠠᠨ᠎ᠠ︶ ᠶᠢᠨ ᠬᠤᠭᠤᠯᠠᠨ ᠭᠡᠷ᠂ ᠲᠣᠮᠣ ᠬᠡᠯᠪᠡᠷᠢ ᠠᠴᠠ ᠳᠡᠭᠡᠭᠰᠢᠬᠢ ᠢᠳᠡᠭᠡᠨ ᠤᠮᠳᠠᠭᠠᠨ ᠤ ᠭᠠᠵᠠᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠢᠳᠡᠭᠡᠨ ᠤᠮᠳᠠᠭᠠᠨ ᠤ ᠭᠠᠵᠠᠷ᠂ ᠪᠠᠷᠢᠯᠭ᠎ᠠ ᠶᠢᠨ ᠭᠠᠵᠠᠷ ᠤᠨ ᠬᠤᠭᠤᠯᠠᠨ ᠭᠡᠷ᠂ ᠲᠠᠷᠢᠶᠠᠴᠢᠨ ᠠᠶᠢᠯ ᠤᠨ ᠵᠢᠭᠤᠯᠴᠢᠯᠠᠯ ᠵᠢᠴᠢ ᠬᠤᠲᠠ ᠶᠢᠨ ᠳᠡᠭᠦᠷᠭᠡ ᠶᠢᠨ ᠠᠭᠤᠯᠵᠠᠷ ᠭᠠᠵᠠᠷ᠂ ᠬᠠᠭᠤᠴᠢᠨ ᠵᠢᠵᠢᠭ ᠲᠣᠭᠤᠷᠢᠭ ᠤᠨ ᠡᠷᠭᠢᠨ ᠲᠣᠭᠤᠷᠢᠨ ᠤ ᠵᠢᠵᠢᠭ ᠦᠢᠯᠡᠳᠭᠡᠯ᠂ ᠵᠢᠵᠢᠭ  ᠳᠡᠯᠭᠡᠭᠦᠷᠴᠢᠨ᠂ ᠵᠢᠵᠢᠭ ᠬᠤᠭᠤᠯᠠ ᠤᠮᠳᠠ ᠶᠢᠨ ᠭᠠᠵᠠᠷ ᠵᠡᠷᠭᠡ ᠶᠢ ᠭᠤᠤᠯᠳᠠᠯᠭ᠎ᠠ ᠲᠠᠢ ᠴᠡᠭᠴᠡᠯᠡᠨ ᠵᠠᠰᠠᠪᠠ᠃ ᠬᠢᠨᠠᠨ ᠬᠠᠮᠢᠶᠠᠷᠬᠤ ᠠᠷᠭ᠎ᠠ ᠬᠡᠮᠵᠢᠶ᠎ᠡ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠪᠠ ᠨᠡᠶᠢᠭᠡᠮ ᠠᠴᠠ ᠬᠠᠮᠲᠤᠪᠠᠷ ᠵᠠᠰᠠᠬᠤ ᠶᠢ ᠬᠠᠮᠤᠷᠤᠭᠰᠠᠨ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ︽ᠳᠥᠷᠪᠡ ᠶᠢ ᠲᠦᠷᠢᠮᠵᠢᠬᠦᠯᠬᠦ︾ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠪᠠ᠃ ᠮᠠᠨ ᠤ ᠬᠤᠲᠠ ᠳᠤ ᠣᠳᠣ ᠵᠥᠪᠰᠢᠶᠡᠷᠡᠯ ᠤᠨ ᠦᠨᠡᠮᠯᠡᠯ ᠲᠠᠢ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ 10558 ᠪᠠᠶᠢᠵᠤ᠂ ︽ᠵᠢᠵᠢᠭ ᠢᠳᠡᠭᠡᠨ ᠤᠮᠳᠠᠭᠠᠨ ᠤ ᠳᠠᠩᠰᠠᠯᠠᠯ ᠤᠨ ᠦᠨᠡᠮᠯᠡᠯ︾ ᠲᠠᠢ ᠨᠢᠭᠡᠴᠡ5898 ᠪᠠᠶᠢᠨ᠎ᠠ᠃ ᠨᠤᠷᠠᠭᠠᠵᠤ ᠨᠡᠭᠦᠯᠭᠡᠬᠦ  ᠪᠠᠷ ᠪᠠᠶᠢᠭ᠎ᠠ ᠭᠠᠵᠠᠷ ᠢ ᠭᠠᠷᠭᠠᠪᠠᠯ ᠢᠯᠡ ᠲᠤᠭᠤᠭᠠᠨ ᠭᠡᠷ ᠭᠠᠷᠭᠠᠭᠰᠠᠨ ᠨᠤᠷᠮ᠎ᠠ 98 % ᠬᠦᠷᠴᠡᠢ᠃  ᠬᠤᠶᠠᠷ ᠲᠤ᠂ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠭᠤᠭᠴᠤᠭ᠎ᠠ  ᠶᠢᠨ ᠬᠢᠨᠠᠨ ᠬᠠᠮᠢᠶᠠᠷᠤᠯᠲᠠ ᠶᠢ ᠴᠢᠩᠭ᠎ᠠ ᠠᠳᠬᠤᠪᠠ᠃ ᠢᠳᠡᠭᠡᠨ ᠢ ᠦᠢᠯᠡᠳᠪᠦᠷᠢᠯᠡᠵᠦ ᠡᠳ᠋ᠰᠢᠭᠦᠯᠬᠦ ᠪᠣᠯ ᠢᠳᠡᠭᠡᠨ ᠤ ᠠᠶᠤᠯᠬᠦᠢ ᠶᠢᠨ ᠬᠢᠨᠠᠨ ᠬᠠᠮᠢᠶᠠᠷᠤᠯᠲᠠ ᠶᠢᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠣᠯᠬᠤ ᠪᠥᠭᠡᠳ ᠪᠠᠰᠠ ᠴᠤ ᠢᠳᠡᠭᠡᠨ ᠤ ᠠᠶᠤᠯᠬᠦᠢ ᠶᠢ ᠦᠨᠡᠨᠬᠦ ᠪᠠᠲᠤᠯᠠᠬᠤ ᠶᠢᠨ ᠡᠬᠢ ᠡᠭᠦᠰᠦᠯ ᠪᠣᠯᠤᠨ᠎ᠠ᠃ ᠵᠢᠵᠢᠭ ᠦᠢᠯᠡᠳᠭᠡᠯ  ᠢ ᠬᠢᠨᠠᠨ ᠬᠠᠮᠢᠶᠠᠷᠬᠤ ᠪᠠ ᠢᠳᠡᠭᠡᠨ ᠡᠳ᠋ᠰᠢᠭᠦᠯᠦᠨ ᠪᠤᠯᠪᠠᠰᠤᠷᠠᠭᠤᠯᠬᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ  ᠃ ᠡᠯ᠎ᠡ ᠬᠤᠰᠢᠭᠤ ᠰᠢᠶᠠᠨ ᠲᠣᠭᠤᠷᠢᠭ ᠤ ᠵᠢᠵᠢᠭ ᠦᠢᠯᠡᠳᠭᠡᠯ ᠢ ᠪᠦᠷᠢᠳᠬᠡᠨ ᠳᠠᠩᠰᠠᠯᠠᠬᠤ ᠪᠠ ᠬᠢᠨᠠᠨ ᠬᠠᠮᠢᠶᠠᠷᠬᠤ ᠠᠵᠢᠯ ᠢᠶᠠᠨ ᠰᠠᠶᠢᠲᠤᠷ ᠬᠢᠬᠦ  ᠢ ᠰᠢᠮᠳᠠᠭᠤᠯᠤᠨ ᠵᠢᠯᠤᠭᠤᠳᠪᠠ᠃ ᠢᠳᠡᠭᠡᠨ᠂ ᠡᠷᠡᠭᠦᠯᠵᠢᠯ ᠤᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠪᠠ᠃ ᠨᠡᠶᠢᠲᠡ 128 ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ᠂ 59 ᠵᠢᠵᠢᠭ ᠦᠢᠯᠡᠳᠭᠡᠯ᠂ 6 ᠡᠷᠡᠭᠦᠯᠵᠢᠯ ᠤᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠢ ᠪᠠᠶᠢᠴᠠᠭᠠᠵᠤ ᠂ 26 ᠬᠤᠪᠢ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ 2 ᠡᠷᠦᠬᠡ  ᠶᠢᠨ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠪᠡ᠃ ᠬᠠᠷ᠎ᠠ ᠠᠷᠢᠬᠢ᠂ ᠢᠳᠡᠰᠢᠨ ᠤᠷᠭᠤᠮᠠᠯ ᠤᠨ  ᠲᠤᠰᠤᠨ ᠤ ᠬᠡᠪᠰᠢᠭᠦᠯᠦᠭᠴᠢ ᠡᠳ᠋᠂ ᠢᠳᠡᠰᠢᠨ ᠤᠷᠭᠤᠮᠠᠯ ᠤᠨ ᠲᠣᠰᠣᠨ ᠤ ᠲᠡᠮᠳᠡᠭ ᠢᠯᠡᠷᠭᠡᠶᠢᠯᠡᠯ ᠂ ︽ᠳᠥᠷᠪᠡᠨ ᠴᠠᠭᠠᠨ ᠢᠳᠡᠭᠡᠨ︾ ︵ᠮᠠᠨᠲᠠᠤ᠂ ᠭᠤᠯᠭᠤᠰᠢ᠂ ᠪᠤᠷᠴᠠᠭ ᠤᠨ ᠴᠢᠴᠢᠭᠡᠰᠦ᠂ ᠪᠤᠷᠴᠠᠭ ᠤᠨ ᠢᠳᠡᠭᠡᠨ︶᠂ ᠨᠢᠯᠬ᠎ᠠ ᠬᠡᠤᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ᠂ ᠠᠮᠤ ᠪᠤᠳᠠᠭ᠎ᠠ ᠵᠢᠴᠢ ᠲᠡᠭᠦᠨ ᠤ ᠪᠦᠲᠦᠭᠡᠭᠳᠡᠬᠦᠨ ᠵᠡᠷᠭᠡ ᠣᠯᠠᠨ ᠵᠦᠢᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠵᠢᠴᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ ᠭᠤᠷᠪᠠ ᠳᠤ᠂ ᠢᠳᠡᠭᠡᠨ ᠤ ᠬᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠠᠵᠢᠯ ᠢ ᠭᠦᠨᠵᠡᠭᠡᠶ ᠠᠬᠢᠭᠤᠯᠪᠠ᠃ ᠴᠢᠩᠭ᠎ᠠ ᠬᠢᠨᠠᠨ ᠬᠠᠮᠢᠶᠠᠷᠴᠤ᠂ ᠢᠳᠡᠭᠡᠨ ᠤ ᠬᠦᠢᠯᠭᠡᠭᠡᠨ ᠤ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠠᠵᠢᠯ  ᠢ ᠬᠠᠤᠯᠢ ᠶᠣᠰᠣᠭᠠᠷ ᠵᠢᠷᠤᠮᠵᠢᠭᠤᠯᠤᠨ᠂ ᠢᠳᠡᠭᠡᠨ ᠤ ᠡᠵᠡᠩᠨᠡᠯᠲᠡ ᠶᠢᠨ ᠭᠤᠤᠯ ᠴᠣᠭᠴᠠ ᠶᠢᠨ ᠵᠠᠬ᠎ᠠ ᠳᠡᠯᠭᠡᠭᠦᠷ ᠲᠤ ᠤᠷᠤᠬᠤ ᠶᠢ ᠵᠦᠪᠰᠢᠶᠡᠷᠡᠬᠦ ᠪᠣᠭᠤᠮᠲᠠ ᠶᠢ ᠴᠢᠩᠭ᠎ᠠ ᠰᠠᠬᠢᠪᠠ᠃ ᠮᠠᠨ ᠤ ᠬᠤᠲᠠ ᠳᠤ ᠣᠳᠣ ᠢᠳᠡᠭᠡᠨ ᠤ ᠡᠵᠡᠩᠨᠡᠯᠲᠡ ᠶᠢᠨ ᠡᠷᠦᠬᠡ ︵ᠢᠳᠡᠭᠡᠨ ᠤ ᠪᠣᠷᠣᠯᠠᠭᠤᠯᠭ᠎ᠠ︶ 26460 ᠪᠤᠢ᠃ ᠭᠤᠤᠯᠳᠠᠯᠭ᠎ᠠ ᠲᠠᠢ ᠲᠥᠷᠥᠯ  ᠵᠦᠢᠯ᠂ ᠭᠤᠤᠯᠳᠠᠯᠭ᠎ᠠ ᠲᠠᠢ ᠣᠷᠣᠨ ᠪᠦᠰᠡ ᠶᠢᠨ ᠢᠳᠡᠭᠡᠨ ᠤ ᠡᠵᠡᠩᠨᠡᠯᠲᠡ ᠶᠢᠨ 49349 ᠡᠷᠦᠬᠡ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠢᠳᠡᠭᠡᠨ ᠤ ᠠᠶᠤᠯᠬᠦᠢ ᠵᠢᠴᠢ ᠠᠶᠤᠯᠬᠦᠢ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠠᠷᠢᠯᠭᠠᠪᠠ᠃ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠠᠬᠢ ᠢᠳᠡᠭᠡᠨ ᠤ ᠠᠶᠤᠯᠬᠦᠢ ᠶᠢᠨ ᠵᠠᠰᠠᠨ ᠴᠡᠭᠴᠡᠯᠡᠯᠳᠡ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠠᠶᠤᠯᠬᠦᠢ᠂ ᠬᠥᠳᠡᠭᠡ ᠲᠣᠰᠬᠤᠨ ᠤ ᠢᠳᠡᠭᠡᠨ ᠤ ᠠᠶᠤᠯᠬᠦᠢ᠂ ᠭᠠᠭ᠋ᠠᠶ ᠶᠢᠨ ᠮᠢᠬᠠᠨ ᠤ ᠵᠠᠬ᠎ᠠ ᠳᠡᠯᠭᠡᠭᠦᠷ ᠵᠢᠴᠢ ︽ᠠᠹᠷᠢᠺᠠ ᠲᠢᠪ ᠤᠨ ᠭᠠᠭ᠋ᠠᠶ ᠶᠢᠨ ᠬᠢᠵᠢᠭ︾ ᠵᠡᠷᠭᠡ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃      ﹇ᠬᠦᠳᠦᠯᠦᠭᠴᠢ﹈ ᠳᠡᠭᠡᠷ᠎ᠡ ᠲᠠᠨᠢᠯᠴᠠᠭᠤᠯᠤᠭᠰᠠᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ  ᠮᠦᠴᠢᠷ ᠤᠨ ︽ᠭᠤᠷᠪᠠᠨ ᠬᠤᠲᠠ ᠶᠢ ᠵᠡᠷᠭᠡᠪᠡᠷ ᠴᠣᠭᠴᠠᠯᠠᠬᠤ︾ ᠠᠵᠢᠯ ᠢ ᠠᠬᠢᠭᠤᠯᠵᠤ᠂ ᠢᠳᠡᠭᠡᠨ ᠤ ᠠᠶᠤᠯᠬᠦᠢ ᠶᠢᠨ ᠠᠵᠢᠯ ᠢ ᠥᠷᠨᠢᠭᠦᠯᠬᠦ ᠳᠤᠮᠳᠠ ᠠᠪᠤᠭᠰᠠᠨ ᠠᠷᠭ᠎ᠠ ᠬᠡᠮᠵᠢᠶ᠎ᠡ ᠠᠴᠠ ᠦᠵᠡᠬᠦ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠢᠳᠡᠭᠡᠨ ᠤ ᠠᠶᠤᠯᠬᠦᠢ ᠶᠢᠨ ᠬᠤᠳᠠ ᠶᠢ ᠡᠭᠦᠳᠦᠨ ᠴᠤᠭᠴᠠᠯᠠᠬᠤ ᠳᠤ ᠶᠡᠭᠡ ᠬᠡᠮᠵᠢᠶᠡᠨ ᠤ ᠪᠦᠳᠦᠮᠵᠢᠳᠡᠢ ᠠᠵᠢᠯ ᠬᠢᠵᠦ᠂ ᠲᠥᠪ ᠬᠤᠳᠠ ᠶᠢᠨ ᠠᠷᠠᠳ ᠤᠯᠠᠨ ᠤ ᠬᠤᠭᠤᠯᠠᠨ ᠰᠢᠷᠡᠭᠡᠨ ᠤ ᠠᠶᠤᠯᠬᠦᠢ ᠶᠢ ᠪᠠᠲᠤᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠶᠤᠮ ᠪᠠᠶᠢᠨ᠎ᠠ᠂ ᠲᠠᠷᠠᠭᠠᠴᠢ ᠶᠢᠨ ᠠᠯᠬᠤᠮ ᠳᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠡᠷᠬᠢᠨ ᠢᠳᠡᠭᠡᠨ ᠤ ᠠᠶᠤᠯᠬᠦᠢ ᠶᠢᠨ ᠬᠤᠳᠠ ᠶᠢ ᠡᠭᠦᠳᠦᠨ ᠴᠤᠭᠴᠠᠯᠠᠬᠤ ᠪᠠᠷ ᠳᠠᠮᠵᠢᠭᠤᠯᠤᠨ ᠡᠨᠡ ᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠪᠣᠶ︖      ﹇ᠶᠦᠨ ᠳ᠋ᠦᠸᠧ﹈ ︽ᠠᠷᠠᠳ ᠢᠷᠭᠡᠳ ᠪᠣᠯᠪᠠᠰᠤ ᠠᠮᠤ ᠪᠤᠳᠠᠭ᠎ᠠ ᠪᠠᠷ ᠠᠮᠢ ᠭᠤᠤᠯ ᠢᠶᠠᠨ ᠪᠣᠯᠭᠠᠮᠤᠶ᠂  ᠠᠮᠤ ᠪᠤᠳᠠᠭ᠎ᠠ ᠪᠤᠯᠪᠠᠰᠤ ᠠᠶᠤᠯᠬᠦᠢ ᠪᠠᠶᠢᠬᠤ ᠶᠢ ᠶᠠᠭᠤᠨ ᠤ ᠲᠡᠷᠢᠭᠦᠨ ᠳᠤ ᠲᠠᠯᠪᠢᠮᠤᠢ︾᠃ ᠲᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ︽ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ︽ᠭᠤᠷᠪᠠᠨ ᠬᠤᠲᠠ ᠶᠢ ᠵᠡᠷᠭᠡᠪᠡᠷ ᠴᠣᠭᠴᠠᠯᠠᠬᠤ︾ ᠪᠦᠬᠦᠯᠢ ᠴᠣᠭᠴᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ︽ᠳᠥᠷᠪᠡᠨ ᠬᠠᠮᠤᠭ ᠤᠨ ᠴᠢᠩᠭ᠎ᠠ︾ ᠶᠢ ᠨᠠᠶᠢᠳᠠᠪᠤᠷᠢᠵᠢᠭᠤᠯᠵᠤ᠂ ᠢᠳᠡᠭᠡᠨ ᠤ ᠠᠶᠤᠯᠬᠦᠢ ᠶᠢᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠢᠳᠡᠭᠡᠨ ᠤ ᠠᠶᠤᠯᠬᠦᠢ ᠶᠢᠨ ᠶᠡᠷᠦᠩᠬᠡᠶᠢᠯᠡᠨ ᠵᠠᠰᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠢᠳᠡᠭᠡᠨ ᠤ ᠠᠶᠤᠯᠬᠦᠢ ᠶᠢᠨ ᠮᠡᠳᠡᠭᠡ ᠵᠠᠩᠭᠢᠴᠢᠯᠠᠯᠳᠠ ᠶᠢᠨ ᠪᠠᠶᠢᠭᠤᠯᠤᠯᠲᠠ ᠶᠢ ᠲᠦᠷᠭᠡᠳᠭᠡᠨ᠂ ᠲᠥᠪ ᠬᠤᠳᠠ ᠶᠢᠨ ᠠᠷᠠᠳ ᠲᠦᠮᠡᠨ ᠤ ︽ᠢᠳᠡᠭᠡᠨ ᠤᠮᠳᠠᠭᠠᠨ ᠤ ᠠᠶᠤᠯᠬᠦᠢ︾ ᠶᠢ ᠦᠨᠡᠨᠬᠦ ᠪᠠᠲᠤᠯᠠᠬᠤ ᠳᠤ ᠨᠠᠩ ᠬᠦᠴᠦᠲᠡᠶ ᠪᠠᠲᠤᠯᠠᠭ᠎ᠠ ᠪᠠ ᠲᠤᠯᠭᠠᠭᠤᠷᠢᠯᠠᠯ ᠬᠠᠩᠭᠠᠵᠤ᠂ ᠠᠷᠠᠳ ᠣᠯᠠᠨ ᠳᠤ ᠨᠠᠩ ᠣᠯᠠᠨ ᠬᠦᠷᠳᠡᠭᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠣᠯᠭᠤᠵᠤ᠂ ᠲᠥᠪ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ︕      ﹇ᠬᠦᠳᠦᠯᠦᠭᠴᠢ﹈ ︽ᠠᠷᠠᠳ ᠢᠷᠭᠡᠳ ᠪᠣᠯᠪᠠᠰᠤ ᠠᠮᠤ ᠪᠤᠳᠠᠭ᠎ᠠ ᠪᠠᠷ ᠠᠮᠢ ᠭᠤᠤᠯ ᠢᠶᠠᠨ ᠪᠣᠯᠭᠠᠮᠤᠶ︾᠃ ᠳᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠷᠠᠳ ᠣᠯᠠᠨ ᠤ ︽ᠢᠳᠡᠭᠡᠨ ᠤᠮᠳᠠᠭᠠᠨ ᠤ ᠠᠶᠤᠯᠬᠦᠢ︾ ᠶᠢ ᠦᠨᠡᠨ ᠬᠦ ᠪᠠᠲᠤᠯᠠᠬᠤ ᠪᠠᠷ ᠡᠭᠦᠷᠭᠡ ᠪᠠᠨ ᠪᠣᠯᠭᠠᠵᠤ᠂ ᠶᠡᠭᠡ ᠬᠦᠴᠦ ᠣᠷᠣᠭᠤᠯᠣᠨ ᠢᠳᠡᠭᠡᠨ ᠤ ᠠᠶᠤᠯᠬᠦᠢ ᠶᠢᠨ ᠭᠤᠭᠴᠤᠭ᠎ᠠ ᠨᠢᠭᠡᠪᠦᠷᠢ ᠪᠠ ᠥᠨᠴᠥᠭ ᠪᠤᠯᠤᠩ ᠪᠦᠷᠢ ᠶᠢ ᠴᠢᠩᠭ᠎ᠠ ᠵᠢᠷᠤᠮᠵᠢᠭᠤᠯᠵᠤ᠂ ᠲᠥᠪ ᠬᠤᠳᠠ ᠶᠢᠨ ᠢᠳᠡᠭᠡᠨ ᠤ ᠠᠶᠤᠯᠬᠦᠢ ᠶᠢᠨ ᠠᠵᠢᠯ ᠳᠤ ᠰᠢᠪᠲᠤᠯᠤᠯᠲᠠ ᠶᠢᠨ ᠴᠢᠨᠠᠷᠲᠠᠶ ᠦᠷ᠎ᠡ ᠪᠦᠲᠦᠮᠵᠢ ᠣᠯᠵᠤ᠂ ᠮᠠᠨ ᠤ ᠬᠤᠲᠠ ᠶᠢᠨ ᠢᠳᠡᠭᠡᠨ ᠤ ᠠᠶᠤᠯᠬᠦᠢ ᠶᠢᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠠᠬᠢᠭᠤᠯᠬᠤ ᠪᠤᠯᠤᠨ᠎ᠠ᠃      ﹇ᠬᠠᠮᠢᠶᠠᠷᠤᠭᠴᠢ﹈ ᠬᠦᠬᠡᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠦᠨ ᠳ᠋ᠦᠸᠧ ᠲᠣᠪᠴᠢᠶᠠᠨ ᠳᠠᠷᠤᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠬᠡᠰᠢᠭᠦᠨ ᠡᠤ ᠶᠦᠩ ᠾᠧᠦ᠂ ᠢᠳᠡᠭᠡᠨ ᠤ ᠬᠦᠢᠯᠭᠡᠭᠡ ᠶᠢᠨ ᠰᠠᠯᠠᠭᠠᠨ ᠤ ᠸᠠᠩ ᠴᠦᠨ ᠯᠢᠨ ᠰᠠᠯᠠᠭᠠᠨ ᠳᠠᠷᠤᠭ᠎ᠠ᠂ ᠢᠳᠡᠭᠡᠨ ᠤ ᠦᠢᠯᠡᠳᠪᠦᠷᠢᠯᠡᠯ‌‍ᠤᠨ ᠰᠠᠯᠠᠭ᠎ᠠ ᠶᠢᠨ ᠯᠢ ᠪᠦ᠋ ᠵᠢᠶᠦ᠋ᠨ ᠰᠠᠯᠠᠭᠠᠨ ᠳᠠᠷᠤᠭ᠎ᠠ ᠳᠤ ᠪᠠᠶᠠᠷᠯᠠᠯ᠎ᠠ  ᠂ ᠰᠦᠯᠵᠢᠶᠡᠨ ᠠᠨᠳᠠ ᠨᠠᠷ ᠤᠨ ᠠᠩᠬᠠᠷᠤᠯ ᠪᠣᠯᠤᠨ ᠤᠷᠤᠯᠴᠠᠯᠭ᠎ᠠ  ᠳᠤ ᠪᠠᠶᠠᠷᠯᠠᠯ᠎ᠠ᠂  ᠡᠨᠡ ᠳ᠋ᠤᠭᠠᠷ ᠤᠨ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠵᠦ ᠪᠠᠶᠢᠨ᠎ᠠ᠂ ᠪᠠᠶᠠᠷᠯᠠᠯ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ