ᠦᠪᠦᠷ ᠮᠤᠩᠭᠤᠯ  ᠤᠨ ᠥᠨᠥᠷ ᠠᠮᠳᠠ ᠠᠮᠳᠠᠳᠦ ᠢᠳᠡᠭᠡᠨ ᠤ ᠰᠤᠶᠤᠯ ᠤᠨ ᠨᠠᠶᠢᠷ ᠬᠦᠬᠡᠬᠤᠳᠠ ᠳᠤ ᠡᠬᠢᠯᠡᠪᠡ
ᠨᠡᠶᠢᠲᠡᠯᠡᠭᠰᠡᠨ ᠴᠠᠭ᠄
2019/8/20
      ᠥᠴᠥᠭᠡᠳᠦᠷ᠂ ᠠᠭᠲᠠ ᠶᠢᠨ ᠨᠢᠷᠤᠭᠤᠨ ᠠᠴᠠ ᠠᠮᠳᠠᠯᠠᠨ ᠮᠡᠳᠡᠷᠡᠬᠦᠢ — ᠬᠠᠶᠢᠷ᠎ᠠ ᠪᠠᠷ ᠪᠢᠯᠬᠠᠭᠰᠠᠨ ᠬᠥᠬᠡᠬᠤᠲᠠ ᠦᠪᠦᠷ ᠮᠤᠩᠭᠤᠯ  ᠤᠨ ᠥᠨᠥᠷ ᠠᠮᠳᠠ ᠠᠮᠳᠠᠳᠦ ᠢᠳᠡᠭᠡᠨ ᠤ ᠰᠣᠶᠣᠯ ᠤᠨ ᠨᠠᠶᠢᠷ ᠵᠢᠴᠢ ᠥᠪᠥᠷ ᠮᠣᠩᠭᠤᠯ ᠤᠨ ᠥᠨᠥᠷ ᠠᠮᠲᠠ — ᠬᠥᠬᠡᠬᠤᠲᠠ ᠶᠢᠨ ᠤᠯᠠᠮᠵᠢᠯᠠᠯᠲᠤ 10 ᠠᠮᠲᠠᠲᠤ ᠢᠳᠡᠭᠡᠨ ᠢ ᠠᠮᠲᠠᠯᠠᠬᠤ ᠡᠬᠢᠯᠡᠯᠲᠡ ᠶᠢᠨ ᠶᠣᠰᠣᠯᠠᠯ ᠬᠥᠬᠡᠬᠤᠲᠠ ᠶᠢᠨ ᠣᠯᠠᠨ ᠤᠯᠤᠰ ᠤᠨ ᠦᠵᠡᠰᠬᠦᠯᠡᠩ ᠤᠨ ᠲᠥᠪ ᠲᠤ ᠶᠠᠪᠤᠭᠳᠠᠪᠠ᠃      ᠰᠣᠶᠣᠯ ᠤᠨ ᠨᠠᠶᠢᠷ ᠨᠢ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ‍ᠤᠨ‌ᠠᠳᠤᠭᠤᠨ ᠰᠤᠶᠤᠯ ᠤᠨ ᠨᠠᠶᠢᠷ ᠵᠢᠴᠢ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠠᠳᠤᠭᠤᠨ ᠰᠣᠶᠣᠯ ᠤᠨ ᠦᠵᠡᠰᠬᠦᠯᠡᠩ ᠤᠨ ᠴᠤᠭᠯᠠᠭᠠᠨ ᠤ ᠰᠢᠷᠢᠰ ᠠᠵᠢᠯᠯᠠᠭ᠎ᠠ ᠶᠢᠨ ᠨᠢᠭᠡ ᠪᠣᠯᠵᠤ᠂ ᠠᠮᠲᠠᠲᠤ ᠢᠳᠡᠭᠡᠨ ᠤ ᠣᠨᠴᠠᠭᠠᠢ ᠬᠠᠷᠠᠭᠠᠰᠤ ᠠᠴᠠ ᠦᠪᠡᠳᠡᠭᠰᠢ ᠴᠤᠭᠯᠠᠭᠠᠨ ᠢ ᠴᠤᠭᠯᠠᠬᠤ ᠪᠠᠷ ᠳᠠᠮᠵᠢᠨ᠂ ᠮᠣᠷᠢᠲᠠᠨ ᠦᠨᠳᠦᠰᠦᠲᠡᠨ ᠤ ᠢᠳᠡᠭᠡᠨ ᠤᠮᠳᠠᠭᠠᠨ ᠤ ᠰᠣᠶᠣᠯ ᠢ ᠰᠠᠶᠢᠬᠠᠨ‌‍ᠴᠤ ᠲᠠᠶᠢᠯᠪᠤᠷᠢᠯᠠᠭᠰᠠᠨ ᠪᠠᠶᠢᠨ᠎ᠠ᠃ ᠡᠨᠡ ᠨᠢ ᠠᠮᠲᠠᠲᠤ ᠢᠳᠡᠭᠡᠨ ᠤ ᠰᠣᠶᠣᠯ ᠢᠶᠠᠷ ᠵᠠᠭᠤᠴᠢᠯᠠᠭᠤᠷ ᠪᠣᠯᠭᠠᠭᠰᠠᠨ᠂ ᠲᠠᠯ᠎ᠠ ᠨᠤᠲᠤᠭ ᠤᠨ ᠢᠳᠡᠭᠡᠨ ᠤᠮᠳᠠᠭᠠᠨ ᠤ ᠰᠣᠶᠣᠯ ᠤᠨ ᠭᠠᠶᠢᠬᠠᠮᠰᠢᠭ ᠢ ᠪᠦᠬᠦ ᠲᠠᠯ᠎ᠠ ᠪᠠᠷ ᠮᠡᠳᠡᠷᠡᠭᠦᠯᠦᠭᠰᠡᠨ ᠨᠢᠭᠡ ᠤᠳᠠᠭᠠᠨ ᠤ ᠦᠪᠡᠳᠡᠭᠰᠢ ᠶᠡᠭᠡ ᠴᠤᠭᠯᠠᠭᠠᠨ ᠪᠣᠯᠵᠤ᠂ ᠨᠡᠩ ᠴᠤ ᠪᠠᠶᠠᠷ ᠳᠤᠷᠠᠰᠬᠠᠯ ᠤᠨ ᠰᠣᠶᠣᠯ ᠢᠶᠠᠷ ᠠᠴᠢᠶᠠᠯᠠᠭᠴᠢ ᠪᠣᠯᠭᠠᠨ᠂ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠨᠢᠭᠡ ᠤᠳᠠᠭᠠᠨ ᠤ ᠦᠪᠡᠳᠡᠭᠰᠢ ᠬᠤᠷᠠᠯ ᠪᠣᠯᠬᠤ ᠶᠤᠮ᠃ ᠲᠤᠰ ᠰᠣᠨᠢᠨ ᠤ ᠰᠤᠷᠪᠤᠯᠵᠢᠯᠠᠭᠴᠢ ᠮᠢᠶᠥᠥ ᠴᠢᠩ  ᠸᠠᠩ ᠵᠥᠩ ᠵᠸᠦ ᠳᠠᠳᠤᠯᠭ᠎ᠠ ᠶᠢᠨ ᠰᠤᠷᠤᠭᠴᠢ ᠮᠠ ᠰᠢᠨ ᠶᠤᠸᠠᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ