︽ᠮᠤᠩᠭᠤᠯ ᠮᠤᠷᠢᠨ ᠤ ᠵᠤᠷᠢᠬ ᠰᠠᠨᠠᠭ᠎ᠠ ᠶᠢ ᠪᠠᠳᠠᠷᠠᠭᠤᠯᠬᠤ︾ ᠰᠢᠷᠢᠰ ᠨᠤᠮ ᠤᠩᠰᠢᠬᠴᠢᠳ ᠲᠠᠢ ᠵᠤᠯᠭᠠᠪᠠ
ᠨᠡᠶᠢᠲᠡᠯᠡᠭᠰᠡᠨ ᠴᠠᠭ᠄
2019/8/20
      ᠰᠢᠨᠬᠤᠸᠠ ᠮᠤᠩᠭᠤᠯ ᠨᠧᠲ ᠬᠦᠬᠡᠬᠤᠲᠠ ᠶᠢᠨ 8 ᠰᠠᠷ᠎ᠠ ᠶᠢᠨ 19 ᠤ ᠡᠳᠦᠷ ᠤᠨ ᠴᠠᠬᠢᠯᠭᠠᠨ ᠮᠡᠳᠡᠭᠡ ︵ᠰᠠᠷᠠᠨᠲᠦᠶᠠᠭ᠎ᠠ︶ ︽ᠠᠩᠬᠠᠳᠠᠬᠴᠢ ᠬᠤᠭᠤᠴᠠᠭᠠᠨ ᠤ ᠦᠪᠦᠷ ᠮᠤᠩᠭᠤᠯ ᠤᠨ ᠤᠯᠠᠨ ᠤᠯᠤᠰ ᠤᠨ ᠠᠳᠤᠭᠤᠨ ᠰᠤᠶᠤᠯ ᠤᠨ ᠦᠵᠡᠰᠭᠦᠯᠡᠩ︾ ᠤᠨ ᠰᠢᠷᠢᠰ ᠠᠵᠢᠯᠯᠠᠭ᠎ᠠ ᠶᠢᠨ ᠨᠢᠭᠡᠨ ᠪᠤᠯᠬᠤ ︽ᠮᠤᠩᠭᠤᠯ ᠮᠤᠷᠢᠨ ᠤ ᠵᠤᠷᠢᠬ ᠰᠠᠨᠠᠭ᠎ᠠ ᠶᠢ ᠪᠠᠳᠠᠷᠠᠭᠤᠯᠬᠤ︾ ᠰᠢᠷᠢᠰ ᠨᠤᠮ᠂ ᠭᠤᠤᠯ ᠰᠡᠳᠦᠪᠲᠤ ᠳᠠᠭᠤᠤ ᠬᠦᠭᠵᠢᠮ ᠪᠦᠵᠢᠭ ᠤᠨ ᠡᠮᠬᠢᠳᠬᠡᠯ ᠵᠢᠴᠢ ᠤᠷᠠᠯᠢᠬ ᠢᠯᠡ ᠵᠠᠬᠢᠳᠠᠯ ᠤᠨ ᠠᠩᠬ᠎ᠠ ᠲᠠᠷᠬᠠᠭᠠᠬᠤ ᠶᠤᠰᠤᠯᠠᠯ ᠥᠴᠥᠭᠡᠳᠦᠷ ᠤᠨ ᠦᠳᠡ ᠠᠴᠠ ᠡᠮᠦᠨ᠎ᠡ ᠬᠦᠬᠡᠬᠤᠲᠠ ᠳᠤ ᠪᠤᠯᠵᠦ ᠦᠩᠭᠡᠷᠡᠪᠡ᠃      ᠤᠶᠢᠯᠠᠭᠠᠬᠰᠠᠨ ᠢᠶᠠᠷ ᠡᠨᠡ ᠵᠢᠯ ᠤᠨ 4 ᠰᠠᠷ᠎ᠠ ᠠᠴᠠ ᠨᠠᠭᠠᠰᠢ ᠦᠪᠦᠷ ᠮᠤᠩᠭᠤᠯ ᠤᠨ ᠬᠡᠪᠯᠡᠯ ᠤᠨ ᠪᠦᠯᠦᠭᠯᠡᠯ᠂ ᠦᠪᠦᠷ ᠮᠤᠩᠭᠤᠯ ᠤᠨ ᠺᠢᠨᠤ᠋ ᠶᠢᠨ ᠪᠦᠯᠦᠭᠯᠡᠯ᠂ ᠳᠤᠮᠳᠠᠳᠤ ᠤᠯᠤᠰ ᠤᠨ ᠰᠢᠤᠳᠠᠨ ᠤ ᠺᠤᠮᠫᠠᠨᠢ ᠶᠢᠨ ᠦᠪᠦᠷ ᠮᠤᠩᠭᠤᠯ ᠳᠠᠬᠢ ᠰᠠᠯᠪᠤᠷᠢ ᠨᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠵᠤᠬᠢᠶᠠᠨ ᠪᠠᠶᠢᠭᠤᠯᠤᠯᠲᠠ ᠪᠠᠷ ︽ᠮᠤᠩᠭᠤᠯ ᠮᠤᠷᠢᠨ ᠤ ᠵᠤᠷᠢᠬ ᠰᠠᠨᠠᠭ᠎ᠠ ᠶᠢ ᠪᠠᠳᠠᠷᠠᠭᠤᠯᠬᠤ︾ ᠰᠢᠷᠢᠰ ᠨᠤᠮ᠂ ᠭᠤᠤᠯ ᠰᠡᠳᠦᠪᠲᠤ ᠳᠠᠭᠤᠤ ᠬᠦᠭᠵᠢᠮ ᠪᠦᠵᠢᠭ ᠤᠨ ᠡᠮᠬᠢᠳᠬᠡᠯ ᠵᠢᠴᠢ ᠤᠷᠠᠯᠢᠬ ᠢᠯᠡ ᠵᠠᠬᠢᠳᠠᠯ ᠢ ᠪᠦᠲᠦᠭᠡᠵᠦ ᠡᠬᠢᠯᠡᠵᠡᠢ᠃ 4 ᠰᠠᠷ᠎ᠠ ᠶᠢᠨ ᠴᠢᠷᠮᠠᠶᠢᠯᠭ᠎ᠠ ᠪᠠᠷ ᠂ ᠦᠪᠦᠷ ᠮᠤᠩᠭᠤᠯ ᠤᠨ ᠬᠡᠪᠯᠡᠯ ᠤᠨ ᠪᠦᠯᠦᠭᠯᠡᠯ ᠠᠴᠠ ᠬᠡᠪᠯᠡᠭᠰᠡᠨ ︽ᠠᠳᠤᠭᠤᠨ ᠰᠤᠶᠤᠯ︾ ᠤᠨ ᠰᠢᠷᠢᠰ ᠨᠤᠮ᠂ ᠳᠤᠮᠳᠠᠳᠤ ᠤᠯᠤᠰ ᠤᠨ ᠰᠢᠤᠳᠠᠨ ᠤ ᠺᠤᠮᠫᠠᠨᠢ ᠶᠢᠨ ᠦᠪᠦᠷ ᠮᠤᠩᠭᠤᠯ ᠳᠠᠬᠢ ᠰᠠᠯᠪᠤᠷᠢ ᠶᠢᠨ ᠪᠦᠲᠦᠭᠡᠭᠰᠡᠨ ᠢᠯᠡᠭᠡᠬᠦ ᠲᠦᠯᠦᠪᠦᠷᠢ ᠲᠠᠢ ᠵᠠᠬᠢᠳᠠᠯ ᠤᠨ ᠳᠤᠬᠲᠤᠢ ᠪᠤᠯᠤᠨ ᠢᠯᠡ ᠵᠠᠬᠢᠳᠠᠯ᠂ ᠦᠪᠦᠷ ᠮᠤᠩᠭᠤᠯ ᠤᠨ ᠺᠢᠨᠤ᠋ ᠶᠢᠨ ᠪᠦᠯᠦᠭᠯᠡᠯ ᠠᠴᠠ ᠬᠡᠪᠯᠡᠭᠰᠡᠨ ᠳᠠᠭᠤᠤ ᠲᠦᠷᠰᠦ ᠶᠢᠨ ᠪᠦᠲᠦᠭᠡᠯ ᠪᠤᠯᠬᠤ ︽ᠲᠦᠮᠡᠨ ᠠᠬᠳᠠ ᠶᠢᠨ ᠲᠦᠪᠡᠷᠭᠡᠨ -- ᠮᠤᠩᠭᠤᠯ ᠠᠳᠤᠭᠤᠨ ᠤ ᠭᠤᠤᠯ ᠰᠡᠳᠦᠪᠲᠤ ᠳᠠᠭᠤᠤ ᠬᠦᠭᠵᠢᠮ ᠪᠦᠵᠢᠭ ᠤᠨ ᠡᠮᠬᠢᠳᠬᠡᠯ︾ ᠵᠡᠷᠭᠡ ᠨᠢ ᠡᠴᠦᠰ ᠲᠡᠭᠡᠨ ᠤᠩᠰᠢᠬᠴᠢ ᠪᠤᠯᠤᠨ ᠰᠤᠨᠤᠰᠢᠬᠴᠢᠳ ᠲᠠᠢ ᠵᠤᠯᠭᠠᠯ᠎ᠠ᠃      ᠲᠠᠨᠢᠯᠴᠠᠭᠤᠯᠤᠬᠰᠠᠨ ᠢᠶᠠᠷ᠂ ᠦᠪᠦᠷ ᠮᠤᠩᠭᠤᠯ ᠤᠨ ᠬᠡᠪᠯᠡᠯ ᠤᠨ ᠪᠦᠯᠦᠭᠯᠡᠯ ᠠᠴᠠ ᠬᠡᠪᠯᠡᠭᠰᠡᠨ ︽ᠠᠳᠤᠭᠤᠨ ᠰᠤᠶᠤᠯ︾ ᠤᠨ ᠰᠢᠷᠢᠰ ᠨᠤᠮ ᠨᠢ ᠮᠤᠩᠭᠤᠯ ᠮᠤᠷᠢᠨ ᠤ ᠵᠢᠷᠤᠬᠲᠤ ᠳᠡᠪᠳᠡᠷ ︽ᠬᠤᠪᠢᠯᠭᠠᠨ ᠬᠦᠯᠦᠭ︾᠂ ︽ᠦᠪᠦᠷ ᠮᠤᠩᠭᠤᠯ ᠤᠨ ᠰᠢᠯᠢᠳᠡᠭ ᠦᠯᠢᠭᠡᠷ -- ᠮᠤᠩᠭᠤᠯ ᠮᠤᠷᠢᠨ ᠤ ᠵᠤᠷᠢᠬ ᠰᠠᠨᠠᠭ᠎ᠠ ᠶᠢ ᠪᠠᠳᠠᠷᠠᠭᠤᠯᠤᠬᠰᠠᠨ ᠲᠡᠷᠢᠭᠦᠨ ᠤ ᠬᠦᠮᠦᠰ ᠤᠨ ᠦᠯᠢᠭᠡᠷ︾᠂ ︽ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠬᠦᠭᠡ ᠭᠠᠳᠠᠷᠲᠤ ᠨᠤᠮ︾᠂ ︽ᠮᠤᠩᠭᠤᠯ ᠮᠤᠷᠢ ᠬᠢᠭᠡᠳ ᠲᠠᠯ᠎ᠠ ᠨᠤᠲᠤᠬ ᠤᠨ ᠰᠤᠶᠤᠯ︾᠂ ︽ᠳᠤᠮᠳᠠᠳᠤ ᠶᠢᠨ ᠠᠳᠤᠭᠤᠨ ᠰᠤᠶᠤᠯ ᠤᠨ ᠰᠢᠷᠢᠰ ᠨᠤᠮ︾ ︽ᠦᠪᠦᠷ ᠮᠤᠩᠭᠤᠯ ᠤᠨ ᠠᠳᠤᠭᠤᠨ ᠰᠤᠶᠤᠯ ᠬᠢᠭᠡᠳ ᠠᠳᠤᠭᠤᠨ ᠤ ᠦᠢᠯᠡᠰ ᠤᠨ ᠰᠤᠳᠤᠯᠭᠠᠨ ᠤ ᠰᠢᠷᠢᠰ ᠨᠤᠮ︾ ᠪᠤᠯᠤᠨ ᠬᠠᠷᠮᠠᠨ ᠤ ᠨᠤᠮ ᠵᠡᠷᠭᠡ 6 ᠭᠤᠤᠯ ᠰᠡᠳᠦᠪ ᠢᠶᠠᠷ ᠪᠦᠷᠢᠯᠳᠦᠵᠦ᠂ ᠤᠯᠤᠰ ᠤᠨ ᠲᠤᠳᠤᠭᠠᠳᠤ ᠳᠤ ᠠᠳᠤᠭᠤᠨ ᠤ ᠤᠬᠠᠭᠠᠨ᠂ ᠠᠳᠤᠭᠤᠨ ᠰᠤᠶᠦᠯ᠂ ᠠᠳᠤᠭᠤᠨ ᠤ ᠦᠢᠯᠡᠰ ᠪᠤᠯᠤᠨ ᠮᠤᠩᠭᠤᠯ ᠮᠤᠷᠢᠨ ᠤ ᠵᠤᠷᠢᠬ ᠰᠠᠨᠠᠭ᠎ᠠ ᠶᠢ ᠠᠩᠬ᠎ᠠ ᠰᠢᠰᠲ᠋ᠤᠮ ᠲᠠᠢ ᠰᠤᠳᠤᠯᠤᠬᠰᠠᠨ ᠰᠢᠷᠢᠰ ᠨᠤᠮ ᠪᠤᠯᠵᠦ᠂ ᠠᠳᠤᠭᠤᠨ ᠤ ᠤᠬᠠᠭᠠᠨ ᠤ ᠬᠦᠷᠢᠶᠡᠨ ᠳᠠᠬᠢ ᠬᠤᠭᠤᠰᠤᠨ ᠢ ᠨᠦᠬᠦᠪᠦᠷᠢᠯᠡᠨ᠂ ᠦᠪᠦᠷ ᠮᠤᠩᠭᠤᠯ ᠤᠨ ᠡᠷᠳᠡᠮᠳᠡᠳ ᠤᠨ ᠠᠳᠤᠭᠤᠨ ᠤ ᠤᠬᠠᠭᠠᠨ ᠤ ᠬᠦᠷᠢᠶ᠎ᠡ ᠴᠠᠷᠠᠭ᠎ᠠ ᠳᠠᠬᠢ ᠰᠤᠳᠤᠯᠭᠠᠨ ᠤ ᠦᠷ᠎ᠡ ᠪᠦᠲᠦᠭᠡᠯ ᠢ ᠳᠡᠯᠭᠡᠵᠡᠢ᠃ ᠡᠭᠦᠪᠡᠷ ᠵᠤᠬᠰᠤᠬᠤ ᠦᠭᠡᠢ ᠲᠤᠰ ᠰᠢᠷᠢᠰ ᠨᠤᠮ ᠨᠢ ︽ᠮᠤᠩᠭᠤᠯ ᠮᠤᠷᠢᠨ ᠤ ᠵᠤᠷᠢᠬ ᠰᠠᠨᠠᠭ᠎ᠠ︾ ᠶᠢᠨ ᠪᠤᠳᠠᠳᠠᠢ ᠦᠷ᠎ᠡ ᠪᠦᠲᠦᠭᠡᠯ ᠪᠠᠶᠢᠵᠦ᠂ ︽ᠮᠤᠩᠭᠤᠯ ᠮᠤᠷᠢᠨ ᠤ ᠵᠤᠷᠢᠬ ᠰᠠᠨᠠᠭ᠎ᠠ︾ ᠶᠢ ᠪᠠᠳᠠᠷᠠᠭᠤᠯᠬᠤ ᠳᠤ ᠤᠨᠤᠯ ᠪᠤᠯᠤᠨ ᠪᠤᠳᠠᠳᠠᠢ ᠦᠨᠳᠦᠰᠦᠯᠡᠯ ᠢ ᠬᠠᠩᠭᠠᠬᠰᠠᠨ ᠪᠠᠶᠢᠨ᠎ᠠ᠃
ᠢᠷᠡᠯᠲᠡ᠄ ᠰᠢᠨᠬᠤᠧᠠ ᠮᠣᠩᠭᠤᠯ ᠨᠧᠲ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ