ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠥᠷᠭᠡᠨ︶ 8 ᠰᠠᠷ᠎ᠠ ᠶᠢᠨ 19 ᠤ ᠦᠳᠡ ᠶᠢᠨ ᠬᠤᠶᠢᠨ᠎ᠠ᠂ ᠬᠤᠶᠠᠳᠤᠭᠠᠷ | ᠬᠤᠭᠤᠴᠠᠭᠠᠨ ᠤ ᠳᠤᠮᠳᠠᠳᠤ ᠤᠯᠤᠰ ᠤᠨ ᠠᠳᠤᠭᠤᠨ ᠰᠤᠶᠤᠯ ᠤᠨ ᠨᠠᠶᠢᠷ ᠵᠢᠴᠢ ᠠᠩᠬᠠᠳᠤᠭᠠᠷ ᠬᠤᠭᠤᠴᠠᠭᠠᠨ ᠤ ᠥᠪᠥᠷ ᠮᠤᠩᠭᠤᠯ ᠤᠨ ᠤᠯᠠᠨ ᠤᠯᠤᠰ ᠤᠨ | ᠠᠳᠤᠭᠤᠨ ᠰᠤᠶᠤᠯ ᠤᠨ ᠴᠤᠭᠯᠠᠭᠠᠨ ᠤ ᠰᠢᠷᠢᠰ ᠠᠵᠢᠯᠯᠠᠭ᠎ᠠ ᠶᠢᠨ ᠨᠢᠭᠡ ᠪᠣᠯᠬᠤ ᠥᠪᠥᠷ ᠮᠤᠩᠭᠤᠯ ᠤᠨ ᠬᠤᠷᠳᠤᠨ ᠮᠣᠷᠢᠨ ᠤ ᠲᠣᠮᠣ ᠱᠠᠩᠨᠠᠯᠲᠤ | ᠤᠷᠤᠯᠳᠤᠭᠠᠨ ᠬᠥᠬᠡᠲᠠᠯ᠎ᠠ ᠳᠤ ᠢᠳᠡ ᠬᠥᠭ ᠲᠠᠢ ᠶᠠᠪᠤᠭᠳᠠᠪᠠ᠃ | ᠲᠤᠰ ᠤᠳᠠᠭ᠎ᠠ ᠶᠢᠨ ᠤᠷᠤᠯᠳᠤᠭᠠᠨ ᠳᠤ ᠪᠦᠳᠦᠭᠦᠨ ᠮᠣᠷᠢᠨ ᠤ 1200 ᠮᠧᠲᠷ ᠤᠨ ᠤᠷᠤᠯᠳᠤᠭᠠᠨ᠂ ᠰᠢᠳᠤᠯᠠᠩ ᠮᠣᠷᠢᠨ ᠤ 1000 ᠮᠧᠲᠷ ᠤᠨ | ᠤᠷᠤᠯᠳᠤᠭᠠᠨ᠂ ᠳᠠᠭ᠎ᠠ ᠮᠣᠷᠢᠨ ᠤ 1000 ᠮᠧᠲᠷ ᠤᠨ ᠤᠷᠤᠯᠳᠤᠭᠠᠨ ᠪᠠ ᠪᠦᠳᠦᠭᠦᠨ ᠮᠣᠷᠢᠨ ᠤ 1000 ᠮᠧᠲᠷ ᠤᠨ ᠤᠷᠤᠯᠳᠤᠭᠠᠨ ᠲᠤᠰ ᠲᠤᠰ | ᠶᠠᠪᠤᠭᠳᠠᠵᠤ᠂ ᠨᠠᠶᠢᠳᠠ 40 ᠮᠤᠷᠢ ᠤᠷᠤᠯᠴᠠᠨ ᠡᠯ᠎ᠡ ᠠᠳᠠᠯᠢ ᠪᠤᠰᠤ ᠲᠡᠰ ᠤᠨ ᠲᠤᠭᠤᠢᠢᠯᠠᠩ ᠤᠨ ᠤᠷᠤᠯᠳᠤᠭᠠᠨ ᠳᠤ ᠬᠤᠷᠳᠤᠴᠠ ᠪᠠᠨ ᠰᠢᠯᠭᠠᠪᠠ᠃ | ᠡᠬᠦᠨ ᠳᠤ ᠪᠦᠳᠦᠭᠦᠨ ᠮᠣᠷᠢᠨ ᠤ 1200 ᠮᠧᠲᠷ ᠤᠨ ᠤᠷᠤᠯᠳᠤᠭᠠᠨ ᠪᠠ 1000 ᠮᠧᠲᠷ ᠤᠨ ᠤᠷᠤᠯᠳᠤᠭᠠᠨ ᠳᠤ ᠥᠪᠥᠷ ᠮᠣᠩᠭᠤᠯ ᠤᠨ ᠮᠧᠩ ᠵᠢᠶᠦ᠋ᠨ | ᠣᠯᠠᠨᠤᠯᠤᠰ ᠤᠨ ᠠᠳᠤᠭᠤᠨ ᠤ ᠠᠵᠤ ᠦᠢᠯᠡᠰ ᠤᠨ ᠬᠢᠵᠠᠭᠠᠷᠲᠤ ᠺᠤᠮᠫᠠᠨᠢ ᠶᠢᠨ ᠲᠥᠯᠥᠭᠡᠯᠡᠭᠴᠢ ᠶᠢᠨ ᠠᠩᠭᠢ ᠶᠢᠨ ᠤᠨᠤᠭᠠᠴᠢᠨ᠂ ᠲᠦᠩᠯᠢᠶᠤᠤ᠋ ᠬᠤᠲᠠ ᠠᠴᠠ | ᠢᠷᠡᠭᠰᠡᠨ ᠮᠤᠩᠭᠤᠯ ᠵᠠᠯᠠᠭᠤ ᠱᠤᠸᠠᠩ ᠶᠢᠩ ᠤᠨ ︽ᠨᠤᠶᠠᠨ ᠰᠣᠷᠲᠣᠭᠤ︾ ᠮᠤᠷᠢ ᠪᠠ ︽ᠢᠷᠠᠭᠤ ᠠᠯᠳᠠᠷ ᠤᠨ ᠡᠵᠡᠨ︾ ᠮᠤᠷᠢ ᠲᠥᠷᠥᠬᠦᠯᠡᠵᠥ᠂ ᠰᠢᠳᠤᠯᠠᠩ | ᠮᠣᠷᠢᠨ ᠤ 1000 ᠮᠧᠲᠷ ᠤᠨ ᠤᠷᠤᠯᠳᠤᠭᠠᠨ ᠳᠤ ᠮᠥᠭᠳᠡᠨ ᠤ ᠪᠥᠸᠧ ᠰᠢᠨ ᠠᠳᠤᠭᠤᠨ ᠥᠢᠯᠡᠰ ᠤᠨ ᠲᠥᠯᠥᠭᠡᠯᠡᠭᠴᠢ ᠶᠢᠨ ᠠᠩᠭᠢ ᠶᠢᠨ ᠤᠨᠤᠭᠠᠴᠢᠨ | ᠬᠢᠴᠢᠶᠡᠯᠲᠦ ᠶᠢᠨ ︽ᠭᠤᠸ᠎ᠠ ᠪᠡᠴᠢᠨ ᠸᠠᠩ︾ ᠮᠤᠷᠢ ᠲᠥᠷᠥᠬᠦᠯᠡᠵᠥ᠂ ᠳᠠᠭ᠎ᠠ ᠮᠣᠷᠢᠨ ᠤ 1000 ᠮᠧᠲᠷ ᠤᠨ ᠤᠷᠤᠯᠳᠤᠭᠠᠨ ᠳᠤ ᠶᠦᠨᠨᠠᠨ ᠮᠤᠵᠢ ᠶᠢᠨ | ᠮᠣᠷᠢᠨ ᠮᠡᠷᠭᠡᠵᠢᠯ ᠤᠨ ᠨᠡᠶᠢᠭᠡᠮᠯᠢᠭ ᠤᠨ ᠤᠨᠤᠭᠠᠴᠢᠨ ᠾᠧ ᠰᠢᠶᠠᠨ ᠹᠧᠢ ᠶᠢᠨ ︽ᠭᠠᠪᠰᠢᠭᠠᠢ︾ ᠮᠣᠷᠢ ᠲᠦᠷᠦᠭᠦᠯᠡᠪᠡ᠃ | ᠥᠪᠡᠷᠳᠡᠭᠡᠨ ᠵᠠᠰᠠᠬᠤ ᠣᠷᠣᠨ ᠤ ᠮᠤᠷᠢᠨ ᠮᠡᠷᠭᠡᠵᠢᠯ ᠤᠨ ᠲᠡᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠫᠠᠨ ᠴᠥᠨ ᠶᠠᠩ᠄ | ︽ᠲᠤᠰ ᠤᠳᠠᠭ᠎ᠠ ᠶᠢᠨ ᠤᠷᠤᠯᠳᠤᠭᠠᠨ ᠬᠤᠷᠳᠤᠨ ᠮᠤᠷᠢᠨ ᠤ ᠤᠷᠤᠯᠳᠤᠭᠠᠨ ᠳᠤ ᠤᠨᠤᠭᠠᠴᠢᠨ ᠤ ᠤᠷ᠎ᠠ ᠤᠬᠠᠭᠠᠨ ᠢ ᠰᠢᠯᠭᠠᠬᠤ ᠶᠢᠨ ᠬᠠᠮᠲᠤ ᠮᠤᠷᠢ ᠪᠠ | ᠤᠨᠤᠭᠠᠴᠢᠨ ᠤ ᠬᠠᠮᠵᠢᠯᠴᠠᠭ᠎ᠠ ᠶᠢ ᠰᠢᠯᠭᠠᠭᠰᠠᠨ ᠢᠶᠠᠷ᠂ ᠤᠷᠤᠯᠳᠤᠭᠠᠨ ᠤ ᠮᠣᠷᠢ ᠶᠢ ᠠᠷᠠᠴᠢᠯᠠᠨ ᠲᠡᠵᠢᠬᠡᠵᠥ ᠪᠠᠶᠢᠭ᠎ᠠ ᠰᠢᠯᠢᠳᠡᠭ ᠠᠳᠤᠭᠤᠨ ᠤ ᠥᠢᠯᠡᠰ ᠤᠨ | ᠺᠯᠦ᠋ᠪ ᠲᠤ ᠮᠣᠷᠢᠨ ᠤ ᠬᠤᠷᠳᠤ ᠪᠠᠨ ᠭᠠᠶᠢᠬᠠᠭᠤᠯᠬᠤ ᠲᠡᠪᠴᠠᠩ ᠬᠠᠨᠭ᠍ᠭᠠᠨ ᠥᠭᠬᠦ ᠶᠢᠨ ᠬᠠᠮᠲᠤ ᠠᠳᠤᠭᠤᠨ ᠰᠤᠶᠤᠯ ᠢ ᠤᠯᠠᠮᠵᠢᠯᠠᠨ᠂ ᠥᠷᠢᠰᠦᠯᠳᠦᠭᠡᠨ ᠤ | ᠵᠤᠷᠢᠬ ᠰᠠᠨᠠᠭ᠎ᠠ ᠶᠢ ᠲᠡᠯᠬᠡᠨ ᠥᠵᠡᠬᠦᠯᠵᠦ᠂ ᠠᠳᠤᠭᠤᠨ ᠦᠢᠯᠡᠰ ᠢ ᠦᠷᠭᠦᠯᠵᠢᠯᠡᠨ ᠠᠬᠢᠭᠤᠯᠬᠤ ᠶᠢ ᠵᠣᠷᠢᠭᠰᠠᠨ ᠶᠤᠮ︾ ᠬᠡᠵᠡᠢ᠃ |