| | | | | | | | | | | | | | | | | | ᠨᠠᠮᠤᠷ ᠤᠨ ᠰᠠᠯᠬᠢ ᠰᠡᠷᠴᠢᠭᠢᠨᠡᠵᠦ᠂ ᠶᠤᠤᠮᠠᠶ ᠶᠢᠨ ᠦᠨᠦᠷ ᠬᠠᠩᠬᠤᠯᠤᠨ᠎ᠠ᠃ ᠦᠵᠡᠰᠬᠦᠯᠡᠩᠲᠦ ᠨᠤᠲᠤᠭ | ᠦᠴᠦᠸᠠᠨ ᠨᠢ ᠶᠤᠤᠮᠠᠢ ᠶᠢᠨ ᠰᠣᠶᠣᠯ ᠤᠨ ᠪᠠᠶᠠᠯᠢᠭ ᠲᠡᠤᠬᠡ ᠲᠠᠢ ᠶᠤᠮ᠃ 8 ᠰᠠᠷ᠎ᠠ ᠶᠢᠨ 9 ᠤ ᠡᠳᠦᠷ᠂ ᠵᠢᠯ ᠳᠤ | ᠨᠢᠭᠡ ᠤᠳᠠᠭ᠎ᠠ ᠶᠠᠪᠤᠭᠳᠠᠳᠠᠭ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ · ᠦᠴᠤᠸᠠᠨ ᠤ ᠶᠤᠤᠮᠠᠢ ᠶᠢᠨ | ᠰᠣᠶᠣᠯ ᠤᠨ ᠨᠠᠶᠢᠷ ᠤᠨ《ᠰᠢ ᠪᠧ ᠬᠤᠢ ᠲᠦᠩ》 ᠬᠤᠨᠳᠠᠭᠠᠲᠤ ᠶᠤᠤᠮᠠᠢ ᠶᠢᠨ ᠠᠮᠲᠠᠲᠤ ᠢᠳᠡᠭᠡᠨ ᠤ ᠤᠷ᠎ᠠ | ᠮᠡᠷᠭᠡᠰᠢᠯ ᠤᠨ ᠤᠷᠤᠯᠳᠤᠭᠠᠨ ᠬᠥᠷ ᠬᠥᠭᠵᠢᠶᠡᠨᠲᠡᠶ ᠡᠬᠢᠯᠡᠪᠡ᠃ | ᠲᠠᠨᠢᠯᠴᠠᠭᠤᠯᠤᠭᠰᠠᠨ ᠢᠶᠠᠷ᠂ 2019 ᠣᠨ ᠤ ᠳᠣᠯᠣᠳᠤᠭᠠᠷ ᠬᠤᠭᠤᠴᠠᠭᠠᠨ ᠤ ᠦᠴᠤᠸᠠᠨ ᠤ ᠶᠤᠤᠮᠠᠶ ᠶᠢᠨ | ᠰᠣᠶᠣᠯ ᠤᠨ ᠨᠠᠶᠢᠷ ᠤᠨ ᠶᠤᠤᠮᠠᠶ ᠶᠢᠨ ᠤᠷ᠎ᠠ ᠮᠡᠷᠭᠡᠰᠢᠯ ᠤᠨ ᠤᠷᠤᠯᠳᠤᠭᠠᠨ ᠨᠢ ᠥᠩᠭᠡᠷᠡᠭᠰᠡᠨ ᠬᠤᠭᠤᠴᠠᠭᠠᠨ ᠤ | ᠶᠤᠤᠮᠠᠶ ᠶᠢᠨ ᠰᠣᠶᠣᠯ ᠤᠨ ᠨᠠᠶᠢᠷ ᠤᠨ ᠠᠵᠢᠯᠯᠠᠭ᠎ᠠ ᠶᠢᠨ ᠤᠷᠤᠯᠳᠤᠭᠠᠨ ᠤ ᠲᠤᠷᠰᠢᠯᠭ᠎ᠠ ᠶᠢ ᠰᠢᠩᠭᠡᠭᠡᠵᠤ᠂ ᠦᠴᠤᠸᠠᠨ | ᠰᠢᠶᠠᠨ ᠤ ᠬᠤᠲᠠ ᠬᠥᠳᠡᠭᠡ ᠶᠢᠨ ᠰᠢᠯᠢᠳᠡᠭ ᠣᠷᠤᠯᠴᠠᠭᠴᠢ ᠶᠢ ᠳᠣᠯᠣᠳᠤᠭᠠᠷ ᠬᠤᠭᠤᠴᠠᠭᠠᠨ ᠤ ᠶᠤᠤᠮᠠᠶ ᠶᠢᠨ ᠤᠷ᠎ᠠ | ᠮᠡᠷᠭᠡᠰᠢᠯ ᠤᠨ ᠤᠷᠤᠯᠳᠤᠭᠠᠨ ᠳᠤ ᠣᠷᠣᠯᠴᠠᠭᠤᠯᠵᠤ᠂ ᠵᠠᠭᠤᠨ ᠨᠡᠷᠡᠰ ᠨᠠᠰᠤᠲᠠᠶ ᠡᠵᠢ ᠲᠤᠰ ᠤᠳᠠᠭᠠᠨ ᠤ | ᠤᠷᠤᠯᠳᠤᠭᠠᠨ ᠳᠤ ᠣᠷᠤᠯᠴᠠᠭᠰᠠᠨ ᠪᠠᠶᠢᠨ᠎ᠠ᠃ ᠡᠨᠡ ᠵᠢᠯ ᠤᠨ ᠶᠤᠤᠮᠠᠢ ᠶᠢᠨ ᠤᠷ᠎ᠠ ᠮᠡᠷᠭᠡᠰᠢᠯ ᠤᠨ ᠤᠷᠤᠯᠳᠤᠭᠠᠨ ᠤ | ᠬᠡᠯᠪᠡᠷᠢ ᠨᠢ ᠥᠩᠭᠡᠷᠡᠭᠰᠡᠨ ᠬᠤᠭᠤᠴᠠᠭᠠᠨ ᠤ ᠬᠢ ᠠᠴᠠ ᠰᠢᠯᠢᠳᠡᠭᠵᠢᠵᠦ᠂ ᠬᠥᠳᠡᠭᠡ ᠲᠣᠰᠬᠤᠨ ᠪᠤᠶᠤ ᠭᠡᠷ ᠪᠦᠯᠢ ᠶᠢᠨ | ᠡᠵᠡᠭᠲᠡᠶ ᠨᠠᠷ ᠡᠨᠡ ᠬᠦ ᠤᠷᠤᠯᠳᠤᠭᠠᠨ ᠳᠤ ᠣᠷᠤᠯᠴᠠᠵᠤ ᠳᠡᠶᠢᠯᠬᠦ ᠪᠣᠯᠵᠤ᠂ ᠨᠠᠩ ᠣᠯᠠᠨ ᠰᠢᠯᠢᠳᠡᠭ | ᠣᠷᠤᠯᠴᠠᠭᠰᠠᠳ ᠢ ᠡᠨᠡ ᠬᠦ ᠰᠣᠶᠣᠯ ᠤᠨ ᠠᠵᠢᠯᠯᠠᠭ᠎ᠠ ᠳᠤ ᠣᠷᠤᠯᠴᠠᠭᠤᠯᠬᠤ ᠪᠤᠯᠭᠠᠵᠠᠢ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠷᠤᠯᠴᠠᠭᠴᠢ ᠶᠢ ᠬᠠᠮᠲᠤ ᠶᠢᠨ ᠳᠤᠭᠤᠶᠢᠯᠠᠩ᠂ ᠬᠤᠪᠢ | ᠬᠥᠮᠦᠨ ᠤ ᠳᠤᠭᠤᠶᠢᠯᠠᠩ ᠭᠡᠵᠦ ᠬᠤᠪᠢᠶᠠᠵᠤ᠂ ᠬᠠᠮᠲᠤ ᠶᠢᠨ ᠳᠤᠭᠤᠶᠢᠯᠠᠩ ᠨᠢ 6 ᠵᠢᠵᠢᠭ ᠳᠤᠭᠤᠶᠢᠯᠠᠩ ᠪᠠᠶᠢᠵᠤ᠂ | ᠠᠵᠢᠯ ᠤᠨ ᠴᠢᠯᠥᠭᠡᠨ ᠤ ᠳᠤᠭᠤᠶᠢᠯᠠᠩ ᠨᠢ ᠶᠤᠤᠮᠠᠢ ᠬᠢᠬᠦ ᠤᠷ᠎ᠠ ᠮᠡᠷᠭᠡᠰᠢᠯ ᠢᠶᠠᠷ ᠳᠣᠪᠤᠶᠢᠮ᠎ᠠ 23 ᠠᠷᠠᠳ ᠤᠨ | ᠳᠣᠲᠤᠷᠠᠬᠢ ᠣᠷᠣᠯᠴᠠᠭᠴᠢ ᠪᠠᠷ ᠪᠦᠷᠢᠯᠳᠦᠵᠡᠶ᠃ ᠤᠷᠤᠯᠳᠤᠭᠠᠨ ᠢ ᠲᠤᠬᠠᠶ ᠶᠢᠨ ᠲᠠᠯᠠᠪᠠᠢ ᠶᠢᠨ ᠦᠵᠡᠭᠦᠯᠭᠡ᠂ | ᠤᠷᠤᠯᠳᠤᠭᠠᠨ ᠭᠡᠬᠦ ᠬᠤᠶᠠᠷ ᠭᠤᠭᠴᠤᠭ᠎ᠠ ᠬᠤᠪᠢᠶᠠᠵᠤ ᠶᠠᠪᠤᠭᠳᠠᠭᠤᠯᠪᠠ᠃ ᠦᠵᠡᠭᠦᠯᠭᠡ ᠶᠢᠨ ᠲᠣᠭᠤᠷᠢᠭ ᠲᠤ ᠬᠤᠸᠠᠷ | ᠬᠡᠯᠪᠡᠷᠢᠲᠠᠢ ᠶᠤᠤᠮᠠᠢ᠂ ᠣᠨᠴᠠᠯᠢᠭᠲᠤ ᠠᠮᠲᠠᠲᠤ ᠢᠳᠡᠭᠡᠨ ᠵᠢᠴᠢ ᠶᠤᠤᠮᠠᠢ ᠬᠢᠬᠦ ᠪᠠᠭᠠᠵᠢ᠂ ᠶᠤᠤᠮᠠᠢ ᠶᠢᠨ ᠰᠣᠶᠣᠯ᠂ | ᠰᠢᠮ᠎ᠡ ᠲᠡᠵᠢᠭᠡᠯ ᠤᠨ ᠦᠨ᠎ᠡ ᠥᠷᠲᠡᠭ ᠵᠡᠷᠭᠡ ᠠᠭᠤᠯᠭ᠎ᠠ ᠶᠢ ᠳᠡᠯᠭᠡᠨ ᠦᠵᠡᠭᠦᠯᠬᠦ ᠶᠢᠨ ᠬᠠᠮᠲᠤ | ᠲᠠᠶᠢᠯᠪᠤᠷᠢᠯᠠᠭᠴᠢ ᠠᠴᠠ ᠦᠵᠡᠭᠴᠢᠳ ᠲᠤ ᠶᠤᠤᠮᠠᠢ ᠶᠢᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠳᠠᠶᠢᠯᠪᠤᠷᠢ | ᠬᠢᠪᠡ︔ ᠤᠷᠤᠯᠳᠤᠭᠠᠨ ᠤ ᠡᠯ᠎ᠡ ᠭᠤᠭᠴᠤᠭ᠎ᠠ ᠨᠢ ᠤᠷ᠎ᠠ ᠮᠡᠷᠭᠡᠰᠢᠯ ᠤᠨ ᠤᠷᠤᠯᠳᠤᠭᠠᠨ ᠤ ᠲᠠᠯᠠᠪᠠᠢ ᠳᠤ | ᠶᠠᠪᠤᠭᠳᠠᠭᠰᠠᠨ ᠪᠠᠶᠢᠨ᠎ᠠ᠃ | ᠤᠷᠤᠯᠳᠤᠭᠠᠨ ᠤ ᠡᠷᠬᠡ ᠲᠡᠭᠰᠢ ᠪᠠ ᠲᠥᠪ ᠭᠤᠤᠯᠴᠢ ᠴᠢᠨᠠᠷ ᠢ ᠢᠯᠡᠷᠡᠭᠦᠯᠬᠦ ᠶᠢᠨ ᠲᠥᠯᠥᠭᠡ᠂ | ᠰᠢᠯᠭᠠᠷᠠᠭᠤᠯᠬᠤ ᠺᠣᠮᠢᠰ ᠤᠨ ᠭᠡᠰᠢᠭᠦᠨ ᠢ ᠢᠯᠡ ᠪᠠᠷ ᠰᠣᠩᠭᠤᠨ ᠠᠪᠴᠤ᠂ ᠨᠢᠭᠤᠴᠠ ᠶᠢ ᠬᠠᠮᠠᠭᠠᠯᠠᠬᠤ ᠠᠵᠢᠯ ᠢ | ᠰᠠᠶᠢᠲᠤᠷ ᠬᠢᠵᠤ᠂ ᠤᠷᠤᠯᠳᠤᠭᠴᠢ ᠲᠠᠢ ᠬᠠᠷᠢᠯᠴᠠᠬᠤ ᠠᠴᠠ ᠵᠠᠶᠢᠯᠠᠰᠬᠢᠪᠠ᠃ ᠰᠢᠯᠭᠠᠷᠠᠭᠤᠯᠬᠤ ᠺᠣᠮᠢᠰ ᠤᠨ ᠭᠡᠰᠢᠭᠦᠨ | ᠪᠣᠯᠤᠨ ᠣᠷᠤᠯᠴᠠᠭᠴᠢ ᠥᠯᠦ ᠠᠭᠤᠯᠵᠠᠬᠤ ᠬᠡᠯᠪᠡᠷᠢ ᠪᠠᠷ ᠦᠨᠡᠯᠡᠨ ᠲᠣᠭᠲᠠᠭᠠᠵᠤ᠂ ᠠᠳᠠᠯᠢᠳᠬᠠᠨ ᠰᠢᠯᠭᠠᠷᠠᠭᠤᠯᠬᠤ | ᠶᠠᠪᠤᠴᠠ ᠳᠤ ᠵᠥᠪᠬᠡᠨ ᠪᠦᠲᠦᠭᠡᠯ ᠢ ᠨᠢ ᠦᠵᠡᠵᠦ᠂ ᠤᠷᠤᠯᠳᠤᠭᠠᠨ ᠳᠤ ᠣᠷᠣᠯᠴᠠᠭᠰᠠᠳ ᠤᠨ ᠰᠠᠭᠤᠭᠳᠠᠯ ᠲᠠᠢ | ᠬᠤᠯᠪᠣᠭ᠎ᠠ ᠦᠭᠡᠢ ᠪᠠᠶᠢᠪᠠ᠃ | ᠰᠢᠯᠭᠠᠷᠠᠭᠤᠯᠬᠤ ᠺᠣᠮᠢᠰ ᠤᠨ ᠭᠡᠰᠢᠭᠦᠳ ᠤᠷᠤᠯᠳᠤᠭᠠᠨ ᠳᠤ ᠣᠷᠣᠯᠴᠠᠭᠰᠠᠳ ᠤᠨ ᠬᠢᠭᠰᠡᠨ ᠢᠳᠡᠭᠡᠨ ᠢ | ᠬᠡᠯᠪᠡᠷᠢ᠂ ᠥᠩᠭᠡ᠂ ᠠᠮᠲᠠ᠂ ᠬᠤᠷᠳᠤᠴᠠ ᠪᠠᠷ ᠦᠨᠡᠯᠡᠨ᠂ ᠵᠢᠭᠠᠰᠤᠨ ᠬᠡᠯᠪᠡᠷᠢᠲᠦ ᠶᠤᠤᠮᠠᠢ ᠶᠢ ᠡᠷᠬᠡᠪᠰᠢ ᠨᠢᠭᠡ ᠯᠡ | ᠳᠡᠭᠡᠷ᠎ᠡ ᠬᠡᠪᠰᠢᠭᠦᠯᠵᠦ᠂ ᠬᠤᠶᠠᠳᠠᠬᠢ ᠤᠳᠠᠭ᠎ᠠ ᠪᠣᠯᠪᠠᠰᠤᠷᠠᠭᠤᠯᠵᠤ ᠪᠣᠯᠬᠤ ᠦᠭᠡᠢ ᠪᠠᠶᠢᠪᠠ᠃ ᠡᠭᠦᠨ ᠤ ᠬᠠᠮᠲᠤ | ᠬᠡᠷᠡᠭᠯᠡᠭᠰᠡᠨ ᠴᠠᠭ ᠢ ᠦᠨᠳᠦᠰᠦᠯᠡᠨ᠂ ᠶᠤᠤᠮᠠᠢ ᠶᠢᠨ ᠨᠢᠮᠭᠡᠨ ᠵᠤᠵᠠᠭᠠᠨ᠂ ᠬᠥᠨᠳᠡᠯᠡᠨ ᠭᠤᠯᠳᠤ ᠵᠢᠭᠰᠠᠭᠠᠯᠲᠠ᠂ | ᠥᠨᠳᠥᠷ ᠪᠣᠭᠤᠨᠢ᠂ ᠵᠢᠭᠠᠰᠤ ᠬᠡᠯᠪᠡᠷᠢᠲᠠᠢ ᠶᠤᠤᠮᠠᠢ ᠶᠢᠨ ᠵᠢᠭᠳᠡᠴᠡ᠂ ᠳᠤᠮᠳᠠᠴᠢ ᠤᠷᠳᠤ᠂ ᠭᠠᠷ ᠤᠷᠠᠯᠠᠯ ᠵᠡᠷᠭᠡ | ᠳᠥᠷᠪᠡᠨ ᠲᠠᠯ᠎ᠠ ᠪᠠᠷ ᠬᠤᠪᠢ ᠣᠯᠭᠤᠪᠠ᠃ | |