︽ᠮᠤᠷᠢᠨ ᠨᠢᠷᠤᠭᠤᠨ ᠳᠡᠭᠡᠷᠡᠬᠢ ᠬᠠᠶᠢᠷ᠎ᠠ ᠰᠡᠳᠬᠢᠯᠭᠡ᠂ ᠮᠤᠷᠢᠨ ᠨᠢᠷᠤᠭᠤᠨ ᠳᠡᠭᠡᠷᠡᠬᠢ ᠬᠤᠷᠢᠮ ᠤᠨ ᠶᠤᠰᠤᠯᠠᠯ︾ ᠭᠡᠷᠡᠯ ᠵᠢᠷᠤᠭ ᠤᠨ ᠦᠵᠡᠭᠦᠯᠦᠯᠭᠡ ᠡᠬᠢᠯᠡᠯ᠎ᠡ
ᠨᠡᠶᠢᠲᠡᠯᠡᠭᠰᠡᠨ ᠴᠠᠭ᠄
2019/8/21
      ᠳᠤᠮᠳᠠᠳᠤ ᠤᠯᠤᠰ ᠤᠨ ᠬᠤᠶᠠᠳᠤᠭᠠᠷ ᠬᠤᠭᠤᠴᠠᠭᠠᠨ ᠤ ᠠᠳᠤᠭᠤᠨ ᠰᠤᠶᠤᠯ ᠤᠨ ᠨᠠᠶᠢᠷ ᠵᠢᠴᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ  ᠤ ᠠᠩᠬᠠᠳᠤᠭᠠᠷ ᠬᠤᠭᠤᠴᠠᠭᠠᠨ ᠤ ᠤᠯᠠᠨ ᠤᠯᠤᠰ ᠤᠨ ᠠᠳᠤᠭᠤᠨ ᠰᠤᠶᠤᠯ ᠤᠨ ᠦᠵᠡᠰᠬᠦᠯᠡᠩ ᠤᠨ ᠨᠢᠭᠡᠨ ᠠᠭᠤᠯᠭ᠎ᠠ ᠪᠤᠯᠬᠤ ︽ᠮᠤᠷᠢᠨ ᠨᠢᠷᠤᠭᠤᠨ ᠳᠡᠭᠡᠷᠡᠬᠢ ᠬᠠᠶᠢᠷ᠎ᠠ ᠰᠡᠳᠬᠢᠯᠭᠡ᠂ ᠮᠤᠷᠢᠨ ᠨᠢᠷᠤᠭᠤᠨ ᠳᠡᠭᠡᠷᠡᠬᠢ ᠬᠤᠷᠢᠮ ᠤᠨ ᠶᠤᠰᠤᠯᠠᠯ︾ ᠭᠡᠷᠡᠯ ᠵᠢᠷᠤᠭ ᠤᠨ ᠦᠵᠡᠭᠦᠯᠦᠯᠭᠡ 8 ᠳ᠋ᠤᠭᠠᠷ ᠰᠠᠷ᠎ᠠ ᠶᠢᠨ 17 ᠤ ᠡᠳᠦᠷ ᠬᠦᠬᠡᠬᠤᠲᠠ ᠶᠢᠨ ᠦᠨᠳᠦᠰᠦᠲᠡᠨ ᠤ ᠤᠷᠠᠨ ᠵᠢᠷᠤᠭ ᠤᠨ ᠤᠷᠳᠤᠨ ᠳᠤ ᠡᠬᠢᠯᠡᠯ᠎ᠡ᠃      ᠬᠦᠬᠡᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠦ᠂ ᠬᠦᠬᠡᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠵᠡᠷᠭᠡ ᠪᠠᠶᠢᠭᠤᠯᠭ᠎ᠠ ᠨᠢᠬᠡᠴᠡ ᠠᠴᠠ ᠬᠠᠮᠲᠤᠷᠠᠨ ᠡᠷᠬᠢᠯᠡᠭᠰᠡᠨ ᠡᠨᠡᠬᠦ ᠦᠵᠡᠭᠦᠯᠦᠭᠡ ᠳᠤ ᠤᠯᠤᠰ ᠤᠨ ᠳᠤᠲᠤᠭᠠᠳᠤ ᠭᠠᠳᠠᠭᠠᠳᠤ ᠶᠢᠨ ᠵᠢᠷᠤᠭᠯᠠᠭᠠᠴᠢᠳ  ᠤᠨ ᠳᠡᠪᠰᠢᠭᠦᠯᠦᠭᠰᠡᠨ 5000 ᠭᠠᠷᠤᠢ ᠪᠦᠲᠦᠭᠡᠯ ᠠᠴᠠ 132 ᠪᠦᠲᠦᠭᠡᠯ ᠢ ᠰᠤᠩᠭᠤᠨ ᠤᠷᠤᠯᠴᠠᠭᠤᠯᠵᠠᠢ᠃      ᠦᠨᠳᠦᠰᠦᠲᠡᠨ ᠤ ᠭᠠᠵᠠᠷ ᠤᠷᠤᠨ ᠤ ᠤᠨᠴᠠᠯᠢᠭ ᠢ ᠪᠠᠳᠠᠷᠠᠭᠤᠯᠤᠨ᠂ ᠠᠳᠤᠭᠤᠨ ᠤ ᠦᠢᠯᠡᠰ ᠵᠢᠴᠢ ᠠᠳᠤᠭᠤᠨ ᠤ ᠰᠤᠶᠤᠯ ᠢ ᠬᠦᠭᠵᠢᠬᠦᠯᠬᠦ ᠵᠤᠷᠢᠯᠭ᠎ᠠ  ᠲᠠᠢ ᠡᠨᠡᠬᠦ ᠦᠵᠡᠭᠦᠯᠦᠯᠭᠡ ᠳᠤ ᠲᠡᠦᠬᠡ ᠶᠢᠨ ᠤᠨ ᠴᠠᠭ ᠢ ᠡᠯᠡᠭᠡᠵᠦ ᠢᠷᠡᠭᠰᠡᠨ ᠬᠦᠮᠦᠨ ᠪᠠ ᠮᠤᠷᠢᠨ ᠤ ᠡᠶ᠎ᠡ ᠵᠤᠬᠢᠴᠠᠯ᠂ ᠠᠮᠢᠳᠤᠷᠠᠯ ᠤᠷᠤᠰᠢᠯ ᠤᠨ ᠨᠢᠭᠲᠠ ᠬᠠᠷᠢᠴᠠᠭ᠎ᠠ᠂ ᠰᠢᠨ᠎ᠡ ᠴᠠᠭ ᠦᠶ᠎ᠡ ᠳᠠᠬᠢ ᠮᠤᠷᠢᠨ ᠤ ᠬᠡᠷᠡᠭᠯᠡᠭᠡ ᠵᠢᠴᠢ ᠰᠤᠶᠤᠯ ᠤᠨ ᠠᠭᠤᠯᠤᠭᠳᠠᠬᠤᠨ ᠢ ᠬᠡᠷᠬᠢᠨ ᠠᠰᠢᠭᠯᠠᠵᠤ ᠪᠠᠶᠢᠭ᠎ᠠ ᠶᠢ ᠬᠠᠷᠠᠭᠤᠯᠤᠭᠰᠠᠨ ᠠᠮᠢᠳᠤᠷᠠᠯ ᠤᠨ ᠵᠢᠷᠤᠭ ᠪᠤᠶᠤ ᠤᠷᠤᠭ ᠬᠤᠷᠢᠮ ᠤᠨ ᠵᠢᠷᠤᠭ ᠢ ᠳᠡᠯᠭᠡᠨ ᠦᠵᠡᠭᠦᠯᠵᠦ ᠪᠠᠶᠢᠨ᠎ᠠ᠃ ᠡᠨᠡ ᠤᠳᠠᠭᠠᠨ ᠤ ᠦᠵᠡᠭᠦᠯᠦᠯᠭᠡ ᠨᠢ 8 ᠳ᠋ᠤᠭᠠᠷ ᠰᠠᠷ᠎ᠠ ᠶᠢᠨ 25 ᠤ ᠡᠳᠦᠷ ᠬᠦᠷᠲᠡᠯ᠎ᠡ ᠦᠷᠭᠦᠯᠵᠢᠯᠡᠨ᠎ᠡ᠃
︵ᠥᠪᠥᠷ ᠮᠣᠩᠭᠤᠯ ᠤᠨ ᠷᠠᠳᠢᠣ᠋ ᠶᠢᠨ ᠰᠤᠷᠪᠤᠯᠵᠢᠯᠠᠭᠴᠢ ᠤᠶᠤᠨᠰᠤᠳᠤ᠂ ᠰᠤᠯᠤᠩᠭᠤᠸ᠎ᠠ᠂ ᠠᠯᠲᠠᠨᠰᠦ᠋ᠬᠡ ᠨᠠᠷ ᠮᠡᠳᠡᠭᠡᠯᠡᠪᠡ︶
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠥᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ