ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2019/8/21
    ᠥᠴᠥᠭᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ᠂ ᠠᠯᠠᠱᠠᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠬᠠᠮᠲᠤᠷᠠᠨ ᠡᠷᠬᠢᠯᠡᠭᠰᠡᠨ  ︽ᠤᠭ ᠰᠠᠨᠠᠭ᠎ᠠ ᠪᠠᠨ ᠥᠯᠥ ᠮᠠᠷᠲᠠᠵᠤ ᠠᠶᠠᠨ ᠳᠠᠭᠠᠨ ᠲᠠᠬᠢᠨ ᠮᠣᠷᠳᠠᠨ ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠬᠤ︾ ᠪᠠᠷ ᠭᠤᠣᠯ ᠰᠡᠳᠦᠪ ᠪᠣᠯᠭᠠᠭᠰᠠᠨ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠠᠯᠠᠱᠠᠨ ᠠᠶᠢᠮᠠᠭ ᠤᠨ ᠵᠡᠭᠦᠨ ᠬᠤᠰᠢᠭᠤᠨ ᠤ ᠦᠷᠡᠰ ᠲᠠᠯ᠎ᠠ ᠳᠤ ᠡᠬᠢᠯᠡᠯᠲᠡ ᠪᠠᠨ ᠬᠢᠪᠡ᠃      ᠥᠪᠥᠷ ᠮᠣᠩᠭᠤᠯ ᠤᠨ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠪᠣᠯ ᠮᠠᠨ ᠤ ᠣᠷᠣᠨ ᠠᠴᠠ ᠭᠤᠣᠯᠳᠠᠯᠭ᠎ᠠ ᠲᠠᠢ ᠡᠭᠦᠳᠦᠨ ᠴᠣᠭᠴᠠᠯᠠᠭᠰᠠᠨ᠂ ᠬᠠᠮᠤᠭ ᠠᠴᠠ ᠦᠨᠳᠦᠰᠦᠲᠡᠨ ᠤ ᠥᠪᠡᠷᠮᠢᠴᠡ ᠣᠨᠴᠠᠯᠢᠭ ᠲᠠᠢ᠂ ᠭᠠᠵᠠᠷ ᠣᠷᠣᠨ ᠤ ᠣᠨᠴᠠᠯᠢᠭ ᠲᠠᠢ᠂ ᠴᠠᠭ ᠦᠶ᠎ᠡ ᠶᠢᠨ ᠣᠨᠴᠠᠯᠢᠭ ᠲᠠᠢ ᠦᠨᠳᠦᠰᠦᠲᠡᠨ ᠤ ᠰᠣᠶᠣᠯ ᠤᠨ ᠪᠠᠶᠠᠷ ᠨᠠᠶᠢᠷ ᠤᠨ ᠲᠥᠷᠥᠯ ᠲᠡᠮᠳᠡᠭ ᠮᠥᠨ ᠪᠠᠶᠢᠵᠤ᠂ ᠦᠨᠳᠦᠰᠦᠨ ᠱᠠᠲᠤᠨ ᠤ ᠮᠠᠯᠴᠢᠨ ᠲᠠᠷᠢᠶᠠᠴᠢᠳ ᠤᠨ ᠬᠠᠯᠠᠭᠤᠨ ᠬᠦᠷᠢᠶᠡᠯᠡᠯ ᠢ ᠣᠯᠵᠤ ᠪᠠᠶᠢᠳᠠᠭ᠃      ᠣᠶᠢᠯᠭᠠᠭᠰᠠᠨ ᠢᠶᠠᠷ᠂ ᠰᠣᠶᠣᠯ ᠤᠨ ᠨᠠᠶᠢᠷ ᠤᠨ ᠬᠤᠭᠤᠴᠠᠭᠠᠨ ᠳᠤ ᠤᠳᠬ᠎ᠠ ᠤᠷᠠᠯᠢᠭ ᠤᠨ ᠬᠠᠮᠲᠤᠷᠠᠭᠰᠠᠨ ᠲᠣᠭᠯᠠᠯᠲᠠ᠂ ᠦᠨᠳᠦᠰᠦᠨ ᠱᠠᠲᠤᠨ ᠳᠠᠬᠢ ᠲᠣᠭᠯᠠᠯᠲᠠ᠂ ᠨᠢᠭᠡ ᠳᠤ ᠴᠠᠭᠠᠷᠠᠵᠤ ᠣᠯᠠᠨ ᠳᠤ ᠮᠡᠷᠭᠡᠰᠢᠭᠰᠡᠨ ᠤᠷᠤᠯᠳᠤᠭᠠᠨ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠰᠢᠨ᠎ᠡ ᠶᠢ ᠡᠭᠦᠳᠬᠦ ᠪᠠ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠭᠡᠷᠡᠯ ᠵᠢᠷᠤᠭ ᠺᠢᠨᠣ᠋ ᠦᠵᠡᠭᠦᠯᠭᠡ᠂ ᠠᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ᠂ ᠠᠯᠠᠱᠠᠨ ᠰᠣᠶᠣᠯ ᠵᠢᠭᠤᠯᠴᠢᠯᠠᠯ ᠵᠡᠷᠭᠡ ᠠᠵᠢᠯᠯᠠᠭ᠎ᠠ ᠶᠠᠪᠤᠭᠳᠠᠨ᠎ᠠ᠃ ᠭᠡᠷᠡᠯ ᠵᠢᠷᠤᠭ ᠪᠣᠯ ᠡᠬᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠢ ᠪᠣᠯᠣᠨ᠎ᠠ᠃ᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ  ᠯᠢᠦ ᠴᠢᠩ ᠢᠦᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ