ᠴᠧᠨ ᠯᠢ ᠶᠢᠨ ᠨᠠᠷ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠱᠧᠩ ᠯᠧ ᠰᠤᠷᠭᠠᠭᠤᠯᠢ ᠶᠢᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-08-27
     8 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠨᠠᠷ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠱᠧᠩ ᠯᠧ ᠰᠤᠷᠭᠠᠭᠤᠯᠢ ᠶᠢᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠰᠠᠭᠤᠳᠠᠯ ᠤᠨ ᠬᠤᠷᠠᠯ ᠬᠤᠷᠠᠯᠳᠤᠭᠤᠯᠪᠠ᠃      ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠬᠤᠸᠠᠩ ᠶᠠ ᠯᠢ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠨᠠᠨ ᠨᠠᠨ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠠᠩ ᠯᠢᠨ ᠯᠢᠨ᠂ ᠰᠢᠶᠠᠨ ᠤ ᠳᠡᠳ᠋ ᠳᠠᠷᠤᠭ᠎ᠠ ᠾᠧ ᠹᠧᠩ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠰᠠᠭᠤᠳᠠᠯ ᠤᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠣᠷᠭᠠᠭᠤᠯᠢ ᠶᠢᠨ ᠳᠡᠳ᠋ ᠳᠠᠷᠤᠭ᠎ᠠ ᠯᠢᠦ ᠵᠢᠦ ᠸᠠᠨ ᠰᠤᠷᠭᠠᠭᠤᠯᠢ ᠶᠢᠨ ᠦᠨᠳᠦᠰᠦᠨ ᠪᠠᠶᠢᠳᠠᠯ᠂ ᠱᠧᠩ ᠯᠧ ᠰᠤᠷᠭᠠᠭᠤᠯᠢ ᠶᠢᠨ ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠦᠨᠳᠦᠰᠦᠨ ᠪᠦᠲᠦᠭᠡᠨ ᠪᠠᠶᠢᠭᠤᠯᠣᠯᠲᠠ᠂ ᠠᠵᠢᠯᠯᠠᠭᠠᠨ ᠤ ᠪᠠᠲᠤᠯᠠᠭ᠎ᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ᠬᠦᠴᠢᠷᠳᠡᠯ ᠪᠣᠯᠤᠨ ᠠᠰᠠᠭᠤᠳᠠᠯ ᠢ ᠬᠡᠷᠬᠢᠨ ᠰᠢᠢᠳᠪᠦᠷᠢᠯᠡᠬᠦ ᠲᠤᠬᠠᠶ ᠭᠦᠨᠵᠡᠭᠡᠶ ᠰᠣᠯᠢᠯᠴᠠᠨ ᠶᠠᠷᠢᠯᠴᠠᠭ᠎ᠠ ᠬᠢᠪᠡ᠃      ᠬᠤᠸᠠᠩ ᠶᠠ ᠯᠢ ᠬᠤᠷᠢᠨᠭᠡᠷ ᠰᠢᠶᠠᠨ ᠤ ᠣᠯᠠᠨ ᠵᠢᠯ ᠤᠨ ᠲᠤᠷᠰᠢ ᠰᠤᠷᠭᠠᠭᠤᠯᠢ ᠶᠢᠨ ᠣᠯᠠᠨ ᠲᠠᠯ᠎ᠠ ᠶᠢᠨ ᠠᠵᠢᠯ ᠢ ᠶᠡᠭᠡ ᠪᠠᠷ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠥᠭᠡᠳ ᠬᠤᠷᠢᠨᠭᠡᠷ ᠰᠢᠶᠠᠨ ᠤ ᠬᠢᠨ ᠰᠤᠷᠭᠠᠭᠤᠯᠢ ᠶᠢᠨ ᠬᠥᠭᠵᠢᠯᠲᠡ ᠶᠢ ᠦᠷᠭᠦᠯᠵᠢᠯᠡᠨ ᠳᠡᠮᠵᠢᠬᠦ ᠶᠢᠨ ᠬᠠᠮᠲᠤ ᠬᠠᠪᠰᠤᠷᠤᠨ ᠪᠣᠲᠠᠲᠠᠢ ᠬᠦᠴᠢᠷᠳᠡᠯ ᠢ ᠰᠢᠢᠳᠪᠦᠷᠢᠯᠡᠵᠦ ᠥᠭᠬᠦ ᠶᠢ ᠬᠦᠰᠡᠵᠦ  ᠪᠠᠶᠢᠬᠤ ᠪᠠᠨ ᠢᠯᠡᠳᠬᠡᠪᠡ᠃ ᠡᠭᠦᠨ ᠤ ᠬᠠᠮᠲᠤ᠂ ᠲᠡᠷᠡ᠂ ᠬᠤᠶᠢᠰᠢᠳᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢ ᠬᠤᠷᠢᠨᠭᠡᠷ ᠰᠢᠶᠠᠨ ᠤ ᠬᠥᠭᠵᠢᠯᠲᠡ ᠶᠢᠨ ᠣᠶᠤᠨ ᠤ ᠳᠡᠮᠵᠢᠯᠭᠡ ᠪᠣᠯᠭᠠᠵᠤ᠂ ᠬᠤᠷᠢᠨᠭᠡᠷ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠰᠤᠷᠭᠠᠭᠤᠯᠢ ᠪᠠ ᠣᠷᠣᠨ ᠨᠤᠲᠤᠭ ᠬᠠᠮᠲᠤᠪᠠᠷ ᠠᠰᠢᠭ ᠬᠦᠷᠲᠡᠬᠦ ᠶᠢ ᠪᠡᠶᠡᠯᠡᠭᠦᠯᠦᠨ᠎ᠡ ᠭᠡᠵᠦ ᠢᠯᠡᠷᠬᠡᠶᠢᠯᠡᠪᠡ᠃      ᠴᠧᠨ ᠯᠢ ᠶᠢᠨ ᠢᠯᠡᠷᠬᠡᠶᠢᠯᠡᠭᠰᠡᠨ ᠨᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠪᠣᠯ ᠬᠤᠷᠢᠨᠭᠡᠷ ᠰᠢᠶᠠᠨ ᠤ ᠨᠢᠭᠡᠨ ᠶᠡᠭᠡ ᠶᠠᠪᠤᠳᠠᠯ ᠮᠥᠨ᠂ ᠬᠤᠶᠢᠰᠢᠳᠠ ᠯᠠᠪᠲᠠᠶ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠶᠡᠭᠡ ᠪᠠᠷ ᠳᠠᠮᠵᠢᠵᠤ᠂ ᠰᠢᠯᠢᠳᠡᠭ ᠦᠢᠯᠡᠴᠢᠯᠡᠭᠡ ᠬᠠᠩᠭᠠᠵᠤ᠂ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠦᠨᠡᠨ ᠬᠦ ᠬᠠᠪᠰᠤᠷᠤᠨ ᠰᠢᠢᠳᠪᠦᠷᠢᠯᠡᠵᠦ ᠥᠭᠭᠦᠨ᠎ᠡ ᠭᠡᠵᠡᠶ᠃      ᠬᠤᠷᠠᠯ ᠤᠨ ᠳᠠᠷᠠᠭ᠎ᠠ᠂ ᠴᠧᠨ ᠯᠢ ᠶᠢᠨ ᠨᠡᠷ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠢ᠂ ᠰᠤᠷᠤᠭᠴᠢ ᠶᠢᠨ ᠶᠠᠪᠤᠳᠠᠯ ᠤᠨ ᠲᠥᠪ᠂ ᠰᠢᠳᠡᠬᠦ ᠲᠠᠯᠠᠪᠤᠷ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠴᠢᠳᠠᠮᠵᠢ ᠪᠡᠯᠡᠳᠬᠡᠮᠵᠢ᠂ ᠪᠦᠲᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠲᠠᠯ᠎ᠠ ᠶᠢᠨ ᠠᠭᠤᠯᠭ᠎ᠠ ᠶᠢ ᠨᠠᠷᠢᠨ ᠣᠶᠢᠯᠠᠭᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号