ᠰᠢᠨᠬᠤᠸᠠ ᠬᠤᠷᠢᠶᠠᠨ ᠤ ᠬᠥᠬᠡᠬᠤᠲᠠ ᠶᠢᠨ 8 ᠰᠠᠷ᠎ᠠ ᠶᠢᠨ 25 ᠤ ᠡᠳᠦᠷ ᠤᠨ ᠮᠡᠳᠡᠭᠡ ︵ᠰᠤᠷᠪᠤᠯᠵᠢᠯᠠᠭᠴᠢ | ᠯᠢᠦ ᠢ ᠳ᠋ᠧ︶ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ | ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠶᠤᠸᠠᠨᠪᠤᠤᠱᠠᠨ ᠲᠣᠭᠤᠷᠢᠭ ᠤᠨ ᠬᠤᠪᠢᠶᠠᠷᠢ ᠲᠣᠪᠴᠢᠶ᠎ᠠ | ᠠᠴᠠ ᠣᠶᠢᠯᠭᠠᠭᠰᠠᠨ ᠢᠶᠠᠷ᠂ ᠲᠣᠰᠲ᠋ᠣᠪᠴᠢᠶᠠ ᠲᠦᠷᠦᠭᠦᠬᠡᠨ ᠳᠠᠮᠵᠢᠭᠤᠯᠤᠨ ᠪᠣᠷᠣᠯᠠᠭᠤᠯᠵᠤ ᠮᠡᠬᠡᠯᠡᠭᠰᠡᠨ ᠨᠢᠭᠡᠨ | ᠬᠡᠷᠡᠭ ᠢ ᠢᠯᠡᠷᠡᠬᠦᠯᠪᠡ᠄ ᠶᠠᠯ᠎ᠠ ᠬᠢᠭᠰᠡᠨ ᠰᠡᠵᠢᠭᠳᠡᠨᠮᠠ ᠣᠪᠣᠭᠲᠤ ᠦᠨᠳᠦᠷ ᠠᠰᠢᠭ ᠬᠤᠨᠵᠢᠪᠣᠷᠢ ᠪᠤᠴᠠᠭᠠᠬᠤ ᠪᠠᠷ | ᠥᠭᠶᠦᠭᠡ ᠪᠣᠯᠭᠠᠵᠤ᠂ ᠲᠤᠰᠬᠠᠶᠢᠯᠠᠨ ᠨᠠᠰᠤᠲᠠᠶᠢᠴᠤᠳ ᠲᠤ᠋ᠬᠠᠨᠳᠤᠭᠤᠯᠤᠨ ᠬᠢᠬᠠᠬᠤ ᠠᠵᠢᠯᠯᠠᠭ᠎ᠠ ᠥᠷᠨᠢᠭᠦᠯᠦᠨ᠂ | 160 ᠭᠠᠷᠤᠢ ᠨᠠᠰᠤᠲᠠᠨ ᠠᠴᠠ 270 ᠭᠠᠷᠤᠢ ᠲᠦᠮᠡᠨ ᠲᠦᠭᠦᠷᠢᠭ ᠮᠡᠬᠡᠯᠡᠵᠡᠢ᠃ | 2019 ᠣᠨ ᠤ 1 ᠰᠠᠷ᠎ᠠ ᠶᠢᠨ 11 ᠤ ᠡᠳᠦᠷ᠂ ᠤᠯᠠᠭᠠᠨᠬᠠᠳᠠ ᠬᠤᠲᠠ ᠶᠢᠨ ᠳᠣᠲᠣᠭᠠᠳᠤ ᠶᠢ | ᠬᠠᠮᠠᠭᠠᠯᠠᠬᠤᠲ᠋ᠣᠪᠴᠢᠶᠠ ᠶᠢᠨ ᠶᠤᠸᠠᠨᠪᠤᠤᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠠᠵᠤ ᠠᠬᠤᠢ ᠶᠢᠨ | ᠳᠡᠩᠨᠡᠨ ᠪᠠᠶᠢᠴᠠᠭᠠᠬᠤ ᠶᠡᠭᠡᠠᠩᠭᠢ ᠶᠢᠨ ᠬᠢᠨ ︽ᠮᠠ ᠣᠪᠣᠭᠲᠤ ᠨᠢᠭᠡ ᠺᠣᠮᠫᠠᠨᠢ ᠶᠢᠨ ᠳᠡᠯᠭᠡᠭᠦᠷ ᠲᠤ ᠨᠠᠰᠤᠲᠠᠨ ᠢ | ᠮᠡᠬᠡᠯᠡᠯᠡ︾ ᠭᠡᠰᠡᠨ ᠣᠯᠠᠨ ᠲᠦᠮᠡᠨ ᠦᠢᠯᠡᠴᠢᠯᠡᠨ ᠮᠡᠳᠡᠭᠦᠯᠦᠯᠲᠡ ᠶᠢ ᠣᠯᠪᠡ᠃ | ᠪᠠᠶᠢᠴᠠᠭᠠᠭᠰᠠᠨ ᠢᠶᠠᠷ᠂ 2017 ᠣᠨ ᠤ 9 ᠰᠠᠷ᠎ᠠ ᠳᠤ᠂ ᠮᠠ ᠣᠪᠣᠭᠲᠤ ᠦᠨᠳᠦᠷ ᠠᠰᠢᠭ | ᠬᠤᠨᠵᠢᠪᠣᠷᠢᠪᠤᠴᠠᠭᠠᠬᠤ ᠪᠠᠷ ᠥᠭᠶᠦᠭᠡ ᠪᠣᠯᠭᠠᠵᠤ ᠴᠦᠩᠴᠢᠩ ᠤᠨ ᠾᠧᠦ ᠴᠧᠩ ᠳ᠋ᠧ ᠵᠢᠶᠠᠨ ᠰᠢ ᠶᠠᠩ | ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠳᠤ ᠭᠡᠰᠢᠭᠦᠨ ᠡᠯᠰᠡᠪᠡ᠃ | ᠬᠡᠷᠡᠭ ᠰᠢᠶᠳᠪᠦᠷᠢᠯᠡᠬᠦ ᠠᠷᠠᠳ ᠤᠨ ᠴᠠᠭᠳᠠᠭ᠎ᠠ ᠶᠢᠨ ᠲᠠᠨᠢᠯᠴᠠᠭᠤᠯᠤᠭᠰᠠᠨ ᠢᠶᠠᠷ᠂ ᠲᠡᠭᠦᠨ ᠤ ᠡᠵᠡᠩᠨᠡᠯᠲᠡ ᠶᠢᠨ | ᠠᠷᠭᠠᠬᠡᠯᠪᠡᠷᠢ ᠨᠢ ᠲᠣᠰ ᠲᠣᠰ 1200 ᠲᠥᠭᠦᠷᠢᠭ᠂ 6000 ᠲᠥᠭᠦᠷᠢᠭ᠂ 12000 ᠲᠥᠭᠦᠷᠢᠭ᠂ 18000 | ᠲᠥᠭᠦᠷᠢᠭ᠂24000 ᠲᠥᠭᠦᠷᠢᠭ ᠪᠡᠯᠡ ᠣᠷᠣᠭᠤᠯᠪᠠᠯ᠂ ᠺᠣᠮᠫᠠᠨᠢ ᠶᠢᠨ ᠮᠥᠩᠭᠦᠨ ᠺᠠᠷᠲ ᠤᠨ ᠭᠡᠰᠢᠭᠦᠨ᠂ ᠠᠯᠲᠠᠨ | ᠺᠠᠷᠲ ᠤᠨ ᠭᠡᠰᠢᠭᠦᠨ᠂ᠠᠯᠮᠠᠰ ᠺᠠᠷᠲ ᠤᠨ ᠭᠡᠰᠢᠭᠦᠨ᠂ ᠴᠠᠭᠠᠨ ᠠᠯᠲᠠᠨ ᠭᠡᠰᠢᠭᠦᠨ᠂ ᠨᠣᠭᠤᠭᠠᠨ ᠬᠠᠰ ᠤᠨ ᠭᠡᠰᠢᠭᠦᠨ | ᠪᠣᠯᠵᠤ ᠪᠣᠯᠤᠨ᠎ᠠ᠃ ᠳᠡᠭᠡᠷ᠎ᠡᠲ᠋ᠤᠷᠠᠳᠤᠭᠰᠠᠨ ᠭᠡᠰᠢᠭᠦᠨ ᠪᠣᠯᠤᠭᠰᠠᠨ ᠤ ᠳᠠᠷᠠᠭ᠎ᠠ᠂ ᠨᠢᠭᠡ ᠬᠡᠮᠵᠢᠶᠡᠨ ᠤ ᠲᠠᠸᠠᠷ ᠣᠯᠬᠤ | ᠪᠠᠷ ᠪᠠᠷᠠᠬᠤ ᠦᠭᠡᠢ᠂ ᠪᠠᠰᠠ ᠨᠢᠭᠡ ᠵᠢᠯᠦᠨ ᠳᠣᠲᠣᠷ᠎ᠠ ᠡᠬᠡ ᠮᠦᠩᠭᠦ ᠪᠠᠨ ᠡᠭᠡᠭᠦᠯᠦᠨ ᠪᠤᠴᠠᠭᠠᠬᠤ ᠪᠠ ᠠᠰᠢᠭ | ᠣᠷᠣᠯᠭ᠎ᠠ ᠣᠯᠵᠤ ᠪᠣᠯᠤᠨ᠎ᠠ᠃ | 2018 ᠣᠨ ᠤ 4 ᠰᠠᠷ᠎ᠠ ᠳᠤ᠂ ᠴᠦᠩᠴᠢᠩ ᠤᠨ ᠾᠧᠦ ᠴᠧᠩ ᠳ᠋ᠧ ᠵᠢᠶᠠᠨ ᠰᠢ ᠶᠠᠩ ᠬᠤᠳᠠᠯᠳᠤᠭ᠎ᠠ | ᠠᠷᠠᠯᠵᠢᠶᠠᠨᠤ ᠬᠢᠵᠠᠭᠠᠷᠲᠤ ᠺᠣᠮᠫᠠᠨᠢ ᠶᠢᠨ ᠪᠡᠯᠡ ᠣᠷᠣᠭᠤᠯᠤᠯᠲᠠ ᠶᠢᠨ ᠲᠠᠪᠴᠠᠩ ᠬᠠᠭᠠᠭᠳᠠᠵᠤ᠂ ᠣᠯᠠᠩᠬᠢ ᠪᠡᠯᠡ | ᠣᠷᠣᠭᠤᠯᠤᠭᠴᠢ ᠪᠡᠯᠡᠣᠷᠣᠭᠤᠯᠤᠯᠲᠠ ᠶᠢᠨ ᠵᠣᠭᠤᠰ ᠢᠶᠠᠨ ᠪᠤᠴᠠᠭᠠᠵᠤ ᠣᠯᠬᠤ ᠦᠭᠡᠢ ᠪᠣᠯᠪᠠ᠃ ᠪᠦᠷᠢᠳᠬᠡᠯ ᠢ | ᠦᠨᠳᠦᠰᠦᠯᠡᠪᠡᠯ᠂ ᠮᠠ ᠣᠪᠣᠭᠲᠤ160 ᠭᠠᠷᠤᠶ ᠭᠡᠰᠢᠭᠦᠨ ᠡᠯᠰᠡᠵᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ | ᠲᠤᠭ᠎ᠠ ᠨᠢ 272 ᠲᠦᠮᠡᠨ ᠲᠥᠭᠦᠷᠢᠭ ᠲᠦᠬᠦ᠋ᠷᠴᠡᠶ᠃ | ᠬᠡᠷᠡᠭ ᠰᠢᠶᠳᠪᠦᠷᠢᠯᠡᠬᠦ ᠠᠷᠠᠳ ᠤᠨ ᠴᠠᠭᠳᠠᠭ᠎ᠠ ᠰᠠᠨᠠᠭᠤᠯᠬᠤ ᠳᠤ ᠪᠠᠨ᠂ ᠣᠳᠣᠬᠠᠨ ᠳᠤ ᠪᠠᠯᠠ | ᠣᠷᠣᠭᠤᠯᠤᠯᠲᠠ ᠵᠢᠨᠮᠡᠬᠡᠯᠡᠯ ᠤᠨ ᠠᠷᠭ᠎ᠠ ᠪᠠᠷᠢᠯ ᠡᠳᠦᠷ ᠢᠷᠡᠬᠦᠶ᠎ᠡ ᠰᠢᠨᠡᠳᠴᠦ᠂ ᠬᠡᠲᠦ ᠥᠨᠳᠥᠷ ᠠᠰᠢᠭ | ᠣᠷᠣᠯᠭ᠎ᠠ ᠶᠢᠨ ᠨᠣᠷᠮ᠎ᠠ ᠨᠢ ᠠᠶᠤᠯᠲ᠋ᠦ᠋ᠭᠰᠢᠭᠦᠷᠢ ᠶᠡᠬᠡᠲᠡᠶ ᠪᠠᠶᠢᠬᠤ ᠶᠢ ᠬᠠᠷᠠᠭᠤᠯᠵᠤ ᠪᠠᠶᠢᠬᠤ ᠪᠠᠷ ᠪᠠᠷᠠᠬᠤ | ᠥᠬᠡᠶ ᠨᠠᠩ ᠴᠤ ᠨᠠᠷᠢᠨ ᠨᠢᠮᠪᠠᠶ ᠵᠢᠷᠤᠵᠤ ᠲᠥᠯᠥᠪᠯᠡᠭᠰᠡᠨᠮᠡᠬᠡᠯᠡᠯ ᠪᠠᠶᠢᠵᠤ ᠮᠡᠳᠡᠨ᠎ᠡ ᠭᠡᠵᠡᠶ᠃ ᠡᠭᠦᠨ ᠠᠴᠠ ᠭᠠᠳᠠᠨ᠎ᠠ᠂ | ᠵᠢᠩᠬᠢᠨᠢ ᠬᠠᠤᠯᠢ ᠶᠣᠰᠣᠨ ᠤ ᠪᠡᠯᠡ ᠣᠷᠣᠭᠤᠯᠤᠯᠲᠠ ᠶᠢᠨ ᠲᠠᠪᠴᠠᠩᠪᠠ ᠠᠷᠭ᠎ᠠ ᠵᠠᠮ ᠢ ᠰᠣᠩᠭᠤᠬᠤ ᠪᠣᠯ ᠠᠶᠤᠯ | ᠲᠦᠭᠰᠢᠭᠦᠷᠢ ᠠᠴᠠ ᠵᠠᠶᠢᠯᠠᠬᠤ ᠶᠢᠨ ᠭᠤᠣᠯᠳᠠᠯᠭ᠎ᠠ ᠮᠦᠨ᠃ ᠬᠡᠷᠪᠡ ᠮᠡᠬᠡᠯᠡᠭᠳᠡᠭᠰᠡᠨᠭᠡᠵᠦ ᠰᠡᠵᠢᠭᠯᠡᠭᠰᠡᠨ ᠪᠤᠶᠤ | ᠮᠡᠬᠡᠯᠡᠭᠳᠡᠭᠰᠡᠨ ᠢᠶᠠᠨ ᠣᠯᠵᠤ ᠮᠡᠳᠡᠪᠡᠯ᠂ ᠲᠡᠷᠡ ᠳᠠᠷᠤᠶ ᠳᠤᠨᠢ ᠭᠡᠷᠡᠴᠢ ᠪᠠᠷᠢᠮᠲᠠ ᠬᠠᠩᠭᠠᠬᠤ ᠵᠢᠨᠬᠠᠮᠲᠤ ᠬᠡᠷᠡᠭ | ᠰᠢᠶᠳᠪᠦᠷᠢᠯᠡᠬᠦ ᠪᠠᠶᠢᠭᠤᠯᠭ᠎ᠠ ᠶᠢᠨ ᠪᠠᠶᠢᠴᠠᠭᠠᠯᠲᠠ ᠳᠤ ᠢᠳᠡᠪᠬᠢᠲᠡᠢ ᠬᠠᠮᠵᠢᠯᠴᠠᠬᠤ ᠬᠡᠷᠡᠭᠲᠡᠶ᠃ |