ᠤᠶᠢᠷ᠎ᠠ ᠳᠤ᠂ ᠤᠯᠤᠰ ᠲᠠᠶᠠᠭᠠᠷ ᠤᠨ ᠠᠷᠪᠠᠨ ᠲᠠᠪᠤᠳᠤᠭᠠᠷ ᠬᠤᠭᠤᠴᠠᠭᠠᠨ ᠤ ᠤᠶᠤᠨ ᠤ ᠪᠤᠯᠪᠠᠰᠤᠨ ᠤ | ᠪᠠᠶᠢᠭᠤᠯᠤᠯᠳᠠ ᠶᠢᠨ ︽ᠲᠠᠪᠦ ᠨᠢᠬᠡ ᠢᠨᠵᠧᠨᠧᠷᠢᠩ︾ ᠤᠨ ᠱᠠᠩᠨᠠᠯ ᠤᠨ ᠨᠡᠷᠡᠰ ᠢ ᠢᠯᠡ ᠵᠠᠷᠯᠠᠵᠤ᠂ ᠦᠪᠦᠷ | ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤ ᠬᠤᠷᠢᠶᠠᠨ ᠤ ᠤᠬᠠᠭᠤᠯᠬᠤ ᠬᠡᠯᠳᠡᠰ ᠤᠨ ᠮᠡᠳᠡᠬᠦᠯᠦᠭᠰᠡᠨ | ᠺᠢᠨᠣ᠋ ︽ᠬᠤᠸᠠᠩ ᠳ᠋ᠠ ᠨᠢᠶᠠᠨ︾᠂ ᠲᠠᠭᠤᠤ ︽ᠰᠢᠨ᠎ᠡ ᠴᠠᠭ ᠦᠶ᠎ᠡ ᠶᠢ ᠮᠠᠭᠳᠠᠬᠤᠢ︾ ᠨᠢ ᠰᠢᠯᠢᠳᠡᠭ ᠪᠦᠲᠦᠬᠡᠯ ᠤᠨ | ᠱᠠᠩᠨᠠᠯ ᠲᠤᠰᠪᠠ᠃ | ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ︽ᠲᠠᠪᠦ ᠨᠢᠬᠡ ᠢᠨᠵᠧᠨᠧᠷᠢᠩ︾ ᠨᠢ ᠨᠠᠮ ᠤᠨ ᠲᠦᠪ | ᠬᠤᠷᠢᠶᠠᠨ ᠠᠴᠠ ᠰᠠᠨᠠᠭᠠᠴᠢᠯᠠᠵᠤ᠂ ᠲᠦᠪ ᠤᠨ ᠤᠬᠠᠭᠤᠯᠬᠤ ᠬᠡᠯᠳᠡᠰ ᠠᠴᠠ ᠵᠤᠬᠢᠶᠠᠨ ᠪᠠᠶᠢᠭᠤᠯᠵᠤ ᠬᠡᠷᠡᠭᠵᠢᠬᠦᠯᠦᠭᠰᠡᠨ | ᠂ ᠭᠤᠤᠯ ᠬᠦᠭ ᠠᠶᠠᠰ ᠢ ᠴᠢᠪᠬᠠᠳᠠᠵᠤ᠂ ᠰᠢᠯᠢᠳᠡᠭ ᠵᠤᠷᠢᠭ ᠰᠠᠨᠠᠭ᠎ᠠ ᠰᠤᠶᠤᠯ ᠤᠨ ᠪᠦᠲᠦᠭᠡᠭᠳᠡᠬᠦᠨ ᠤ ᠵᠤᠬᠢᠶᠠᠨ | ᠪᠦᠲᠦᠬᠡᠯᠬᠡ ᠶᠢᠨ ᠵᠢᠱᠢᠶᠡᠴᠢ ᠢᠨᠵᠧᠨᠧᠷᠢᠩ᠂ ᠬᠠᠨᠳᠤᠯᠭᠠᠳᠤ ᠢᠨᠵᠧᠨᠧᠷᠢᠩ ᠢ ᠠᠬᠢᠭᠤᠯᠬᠤ ᠪᠠᠷ ᠵᠤᠷᠢᠯᠭ᠎ᠠ ᠪᠠᠨ | ᠪᠤᠯᠭᠠᠵᠠᠢ᠃ ᠤᠶᠢᠯᠠᠭᠠᠭᠰᠠᠨ ᠢᠶᠠᠷ᠂ ︽ᠲᠠᠪᠦ ᠨᠢᠬᠡ ᠢᠨᠵᠧᠨᠧᠷᠢᠩ︾ ᠤᠨ ᠱᠠᠩᠨᠠᠯ ᠳᠤ ᠨᠡᠶᠢᠳᠡ 73 ᠪᠦᠲᠦᠬᠡᠯ | ᠰᠢᠯᠢᠭᠳᠡᠵᠤ᠂ ᠤᠶᠢᠷ᠎ᠠ ᠶᠢᠨ ᠬᠡᠳᠤᠨ ᠵᠢᠯ ᠤᠨ ᠲᠤᠷᠰᠢᠬᠢ ᠮᠠᠨ ᠤ ᠤᠯᠤᠰ ᠤᠨ ᠰᠤᠶᠤᠯ ᠤᠷᠠᠯᠢᠭ ᠤᠨ ᠵᠤᠬᠢᠶᠠᠨ | ᠪᠦᠲᠦᠬᠡᠯᠬᠡ ᠶᠢᠨ ᠬᠠᠮᠤᠭ ᠤᠨ ᠦᠨᠳᠤᠷ ᠠᠮᠵᠢᠯᠳᠠ ᠪᠤᠯᠤᠨ ᠲᠦᠪᠰᠢᠨ ᠢ ᠲᠦᠯᠦᠭᠡᠯᠡᠭᠰᠡᠨ ᠪᠠᠶᠢᠨ᠎ᠠ᠃ | ᠲᠤᠰ ᠬᠤᠶᠠᠷ ᠤᠷᠠᠯᠢᠭ ᠤᠨ ᠪᠦᠲᠦᠬᠡᠯ ᠨᠢ ᠤᠯᠤᠰ ᠲᠠᠶᠠᠭᠠᠷ ᠤᠨ ︽ᠲᠠᠪᠦ ᠨᠢᠬᠡ ᠢᠨᠵᠧᠨᠧᠷᠢᠩ︾ ᠤᠨ | ᠱᠠᠩᠨᠠᠯ ᠳᠤ ᠰᠢᠯᠢᠭᠳᠡᠭᠰᠡᠨ ᠢᠶᠠᠷ ᠲᠠᠮᠵᠢᠨ ᠦᠪᠦᠷ ᠮᠣᠩᠭᠤᠯ ᠤᠨ ᠦᠷᠬᠡᠨ ᠤᠯᠠᠨ ᠤᠳᠬ᠎ᠠ ᠤᠷᠠᠯᠢᠭ ᠤᠨ | ᠠᠵᠢᠯᠳᠠᠳ ᠢ ᠵᠤᠷᠢᠭᠵᠢᠭᠤᠯᠤᠭᠰᠠᠨ ᠪᠠᠶᠢᠨ᠎ᠠ᠃ ᠤᠷᠠᠯᠢᠭ ᠤᠨ ᠠᠵᠢᠯᠳᠠᠳ᠂ ᠬᠤᠶᠢᠰᠢᠳᠡ ᠨᠡᠩ ᠤᠯᠠᠨ ᠰᠢᠯᠢᠳᠡᠭ | ᠪᠦᠲᠦᠬᠡᠯ ᠢ ᠵᠤᠬᠢᠶᠠᠨ ᠪᠦᠲᠦᠬᠡᠵᠤ᠂ ᠰᠢᠨ᠎ᠡ ᠴᠠᠭ ᠦᠶ᠎ᠡ ᠶᠢ ᠲᠡᠮᠳᠡᠭᠯᠡᠵᠤ᠂ ᠰᠢᠨ᠎ᠡ ᠴᠠᠭ ᠦᠶ᠎ᠡ ᠪᠠᠨ ᠮᠠᠭᠳᠠᠨ | ᠲᠠᠭᠤᠯᠠᠨ᠎ᠠ ᠬᠡᠪᠡ᠃ |