ᠦᠪᠦᠷ ᠮᠣᠩᠭᠤᠯ ᠤᠨ ᠬᠤᠶᠠᠷ ᠪᠦᠲᠦᠬᠡᠯ ᠨᠢ ᠤᠯᠤᠰ ᠲᠠᠶᠠᠭᠠᠷ ᠤᠨ ︽ᠲᠠᠪᠦ‍ ᠨᠢᠬᠡ ᠢᠨᠵᠧᠨᠧᠷᠢᠩ︾ ᠤᠨ ᠱᠠᠩᠨᠠᠯ ᠬᠦᠷᠳᠡᠪᠡ
ᠨᠡᠶᠢᠲᠡᠯᠡᠭᠰᠡᠨ ᠴᠠᠭ᠄
2019/8/28
     ᠤᠶᠢᠷ᠎ᠠ ᠳᠤ᠂ ᠤᠯᠤᠰ ᠲᠠᠶᠠᠭᠠᠷ ᠤᠨ ᠠᠷᠪᠠᠨ ᠲᠠᠪᠤᠳᠤᠭᠠᠷ ᠬᠤᠭᠤᠴᠠᠭᠠᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ︽ᠲᠠᠪᠦ‍ ᠨᠢᠬᠡ ᠢᠨᠵᠧᠨᠧᠷᠢᠩ︾ ᠤᠨ ᠱᠠᠩᠨᠠᠯ ᠤᠨ ᠨᠡᠷᠡᠰ ᠢ ᠢᠯᠡ ᠵᠠᠷᠯᠠᠵᠤ᠂ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤ ᠬᠤᠷᠢᠶᠠᠨ ᠤ ᠤᠬᠠᠭᠤᠯᠬᠤ ᠬᠡᠯᠳᠡᠰ ᠤᠨ ᠮᠡᠳᠡᠬᠦᠯᠦᠭᠰᠡᠨ ᠺᠢᠨᠣ᠋ ︽ᠬᠤᠸᠠᠩ ᠳ᠋ᠠ ᠨᠢᠶᠠᠨ︾᠂ ᠲᠠᠭᠤᠤ ︽ᠰᠢᠨ᠎ᠡ ᠴᠠᠭ ᠦᠶ᠎ᠡ ᠶᠢ ᠮᠠᠭᠳᠠᠬᠤᠢ︾ ᠨᠢ ᠰᠢᠯᠢᠳᠡᠭ ᠪᠦᠲᠦᠬᠡᠯ ᠤᠨ ᠱᠠᠩᠨᠠᠯ ᠲᠤᠰᠪᠠ᠃      ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ︽ᠲᠠᠪᠦ‍ ᠨᠢᠬᠡ ᠢᠨᠵᠧᠨᠧᠷᠢᠩ︾ ᠨᠢ ᠨᠠᠮ ᠤᠨ ᠲᠦᠪ ᠬᠤᠷᠢᠶᠠᠨ ᠠᠴᠠ ᠰᠠᠨᠠᠭᠠᠴᠢᠯᠠᠵᠤ᠂ ᠲᠦᠪ ᠤᠨ ᠤᠬᠠᠭᠤᠯᠬᠤ ᠬᠡᠯᠳᠡᠰ ᠠᠴᠠ ᠵᠤᠬᠢᠶᠠᠨ ᠪᠠᠶᠢᠭᠤᠯᠵᠤ ᠬᠡᠷᠡᠭᠵᠢᠬᠦᠯᠦᠭᠰᠡᠨ᠂ ᠭᠤᠤᠯ ᠬᠦᠭ ᠠᠶᠠᠰ ᠢ ᠴᠢᠪᠬᠠᠳᠠᠵᠤ᠂ ᠰᠢᠯᠢᠳᠡᠭ ᠵᠤᠷᠢᠭ ᠰᠠᠨᠠᠭ᠎ᠠ ᠰᠤᠶᠤᠯ ᠤᠨ ᠪᠦᠲᠦᠭᠡᠭᠳᠡᠬᠦᠨ ᠤ ᠵᠤᠬᠢᠶᠠᠨ ᠪᠦᠲᠦᠬᠡᠯᠬᠡ ᠶᠢᠨ ᠵᠢᠱᠢᠶᠡᠴᠢ ᠢᠨᠵᠧᠨᠧᠷᠢᠩ᠂ ᠬᠠᠨᠳᠤᠯᠭᠠᠳᠤ ᠢᠨᠵᠧᠨᠧᠷᠢᠩ ᠢ ᠠᠬᠢᠭᠤᠯᠬᠤ ᠪᠠᠷ ᠵᠤᠷᠢᠯᠭ᠎ᠠ ᠪᠠᠨ ᠪᠤᠯᠭᠠᠵᠠᠢ᠃ ᠤᠶᠢᠯᠠᠭᠠᠭᠰᠠᠨ ᠢᠶᠠᠷ᠂ ︽ᠲᠠᠪᠦ‍ ᠨᠢᠬᠡ ᠢᠨᠵᠧᠨᠧᠷᠢᠩ︾ ᠤᠨ ᠱᠠᠩᠨᠠᠯ ᠳᠤ ᠨᠡᠶᠢᠳᠡ 73 ᠪᠦᠲᠦᠬᠡᠯ ᠰᠢᠯᠢᠭᠳᠡᠵᠤ᠂ ᠤᠶᠢᠷ᠎ᠠ ᠶᠢᠨ ᠬᠡᠳᠤᠨ ᠵᠢᠯ ᠤᠨ ᠲᠤᠷᠰᠢᠬᠢ ᠮᠠᠨ ᠤ ᠤᠯᠤᠰ ᠤᠨ ᠰᠤᠶᠤᠯ ᠤᠷᠠᠯᠢᠭ ᠤᠨ ᠵᠤᠬᠢᠶᠠᠨ ᠪᠦᠲᠦᠬᠡᠯᠬᠡ ᠶᠢᠨ ᠬᠠᠮᠤᠭ ᠤᠨ ᠦᠨᠳᠤᠷ ᠠᠮᠵᠢᠯᠳᠠ ᠪᠤᠯᠤᠨ ᠲᠦᠪᠰᠢᠨ ᠢ ᠲᠦᠯᠦᠭᠡᠯᠡᠭᠰᠡᠨ ᠪᠠᠶᠢᠨ᠎ᠠ᠃      ᠲᠤᠰ ᠬᠤᠶᠠᠷ ᠤᠷᠠᠯᠢᠭ ᠤᠨ ᠪᠦᠲᠦᠬᠡᠯ ᠨᠢ ᠤᠯᠤᠰ ᠲᠠᠶᠠᠭᠠᠷ ᠤᠨ ︽ᠲᠠᠪᠦ‍ ᠨᠢᠬᠡ ᠢᠨᠵᠧᠨᠧᠷᠢᠩ︾ ᠤᠨ ᠱᠠᠩᠨᠠᠯ ᠳᠤ ᠰᠢᠯᠢᠭᠳᠡᠭᠰᠡᠨ ᠢᠶᠠᠷ ᠲᠠᠮᠵᠢᠨ ᠦᠪᠦᠷ ᠮᠣᠩᠭᠤᠯ ᠤᠨ ᠦᠷᠬᠡᠨ ᠤᠯᠠᠨ ᠤᠳᠬ᠎ᠠ ᠤᠷᠠᠯᠢᠭ ᠤᠨ ᠠᠵᠢᠯᠳᠠᠳ ᠢ ᠵᠤᠷᠢᠭᠵᠢᠭᠤᠯᠤᠭᠰᠠᠨ ᠪᠠᠶᠢᠨ᠎ᠠ᠃ ᠤᠷᠠᠯᠢᠭ ᠤᠨ ᠠᠵᠢᠯᠳᠠᠳ᠂ ᠬᠤᠶᠢᠰᠢᠳᠡ ᠨᠡᠩ ᠤᠯᠠᠨ ᠰᠢᠯᠢᠳᠡᠭ ᠪᠦᠲᠦᠬᠡᠯ ᠢ ᠵᠤᠬᠢᠶᠠᠨ ᠪᠦᠲᠦᠬᠡᠵᠤ᠂ ᠰᠢᠨ᠎ᠡ ᠴᠠᠭ ᠦᠶ᠎ᠡ ᠶᠢ ᠲᠡᠮᠳᠡᠭᠯᠡᠵᠤ᠂ ᠰᠢᠨ᠎ᠡ ᠴᠠᠭ ᠦᠶ᠎ᠡ ᠪᠠᠨ ᠮᠠᠭᠳᠠᠨ ᠲᠠᠭᠤᠯᠠᠨ᠎ᠠ ᠬᠡᠪᠡ᠃  
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ