ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2019-08-29
      ᠬᠥᠬᠡᠬᠤᠲᠠ ᠶᠢᠨ ᠣᠷᠣᠢ ᠶᠢᠨ ᠰᠣᠨᠢᠨ ᠤ ᠮᠡᠳᠡᠭᠡ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠳᠠᠭᠠᠭᠠᠴᠢᠯᠠᠨ ᠡᠷᠬᠢᠯᠡᠭᠰᠡᠨ ᠦᠨᠳᠦᠰᠦᠲᠡᠨ ᠤ ᠣᠷᠣᠨ ᠤ ᠣᠯᠠᠨ ᠨᠡᠶᠢᠲᠡ ᠶᠢᠨ ᠬᠠᠮᠢᠶᠠᠷᠤᠯᠲᠠ ᠶᠢᠨ ᠬᠢᠴᠢᠶᠡᠯ ᠲᠥᠷᠥᠯ ᠤᠨ ᠪᠠᠶᠢᠭᠤᠯᠤᠯᠲᠠ ᠪᠣᠯᠣᠨ ᠬᠥᠭᠵᠢᠯᠲᠡ ᠶᠢᠨ ᠶᠠᠷᠢᠯᠴᠠᠭᠠᠨ ᠤ ᠲᠠᠪᠴᠠᠩ ᠵᠢᠴᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠫᠠᠶᠢᠰᠠ ᠰᠡᠬᠦᠬᠦ ᠶᠣᠰᠣᠯᠠᠯ 27 ᠤ ᠡᠳᠦᠷ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠱᠧᠩ ᠯᠧ ᠰᠤᠷᠭᠠᠭᠤᠯᠢ ᠶᠢᠨ ᠲᠣᠭᠤᠷᠢᠭ ᠲᠤ ᠶᠠᠪᠤᠭᠳᠠᠪᠠ᠃      ᠳᠡᠭᠡᠳᠦ ᠰᠤᠷᠭᠠᠭᠤᠯᠢ ᠪᠠᠶᠢᠭᠤᠯᠤᠭᠳᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ᠂ ᠮᠥᠨᠴᠦ ᠪᠦᠬᠦ ᠤᠯᠤᠰ ᠤᠨ ᠦᠨᠳᠦᠰᠦᠲᠡᠨ ᠤ ᠣᠷᠣᠨ ᠤ ᠨᠢᠭᠡᠳᠦᠭᠡᠷ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠪᠣᠯᠵᠤ᠂ ᠪᠡᠯᠡ ᠮᠥᠩᠭᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠵᠡᠷᠭᠡ ᠡᠯ᠎ᠡ ᠡᠯ᠎ᠡ ᠲᠠᠯ᠎ᠠ ᠪᠠᠷ ᠪᠦᠬᠦ  ᠬᠦᠴᠦᠨ ᠢᠶᠠᠷ ᠢᠶᠠᠨ ᠳᠡᠮᠵᠢᠬᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号